ᠬ∙ᠪᠠᠲᠤᠲᠤᠯᠭ᠎ᠠ ᠢᠷᠭᠡᠳ ᠦᠨ ᠲᠥᠯᠥᠭᠡᠯᠡᠯ ᠢ ᠬᠦᠯᠢᠶᠡᠨ ᠠᠪᠴᠤ ᠠᠭᠤᠯᠵᠠᠪᠠ | News.MN

ᠬ∙ᠪᠠᠲᠤᠲᠤᠯᠭ᠎ᠠ ᠢᠷᠭᠡᠳ ᠦᠨ ᠲᠥᠯᠥᠭᠡᠯᠡᠯ ᠢ ᠬᠦᠯᠢᠶᠡᠨ ᠠᠪᠴᠤ ᠠᠭᠤᠯᠵᠠᠪᠠ

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠥᠨᠥᠳᠥᠷ ᠬᠦᠰᠡᠯᠲᠡ ᠭᠠᠷᠭᠠᠭᠰᠠᠨ ᠢᠷᠭᠡᠳ ᠢ ᠢᠷᠭᠡᠨ ᠦ ᠲᠠᠩᠬᠢᠮ ᠳᠤ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠳᠤ ᠵᠢᠵᠢᠭ ᠳᠤᠮᠳᠠ ᠦᠢᠯᠡᠳᠪᠦᠷᠢ ᠶᠢ ᠬᠥᠭᠵᠢᠭᠦᠯᠬᠦ ᠰᠠᠩ ᠠᠴᠠ ᠪᠠᠭ᠎ᠠ ᠬᠡᠮᠵᠢᠶᠡᠨ ᠦ ᠵᠢᠭᠡᠯᠡ ᠬᠦᠰᠡᠭᠰᠡᠨ ᠴᠤ  ᠵᠢᠭᠡᠯᠡ ᠨᠢ ᠣᠯᠭᠣᠭᠳᠠᠭ᠎ᠠ ᠦᠭᠡᠢ 100 ᠭᠠᠷᠤᠢ ᠢᠷᠭᠡᠨ ᠣᠷᠣᠯᠴᠠᠵᠤ᠂ ᠰᠠᠨᠠᠯ ᠬᠦᠰᠡᠯᠲᠡ ᠪᠡᠨ ᠬᠡᠯᠡᠯ᠎ᠡ᠃

ᠠᠦ᠋ᠲ᠋ᠤ᠋ ᠮᠠᠰᠢᠨ ᠲᠠᠢ ᠵᠢᠭᠰᠠᠭᠠᠯ ᠳᠤ ᠣᠷᠣᠯᠴᠠᠵᠤ ᠪᠤᠢ ᠢᠷᠭᠡᠳ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠠᠴᠠ ᠨᠧᠹᠲ ᠦᠨ ᠦᠨ᠎ᠡ ᠶᠢᠨ ᠠᠰᠠᠭᠤᠳᠠᠯ ᠳᠤ ᠠᠩᠬᠠᠷᠤᠯ ᠬᠠᠨᠳᠤᠭᠤᠯᠵᠤ᠂ ᠵᠠᠰᠠᠭ ᠤᠨ ᠭᠠᠵᠠᠷ ᠲᠤ ᠵᠥᠪᠯᠡᠮᠵᠢ᠂ ᠴᠢᠭᠯᠡᠯ ᠥᠭᠬᠦ ᠶᠢ ᠬᠦᠰᠡᠵᠦ ᠪᠤᠢ ᠲᠤᠬᠠᠢ  ᠪᠢᠴᠢᠭ ᠢᠶᠡᠷ ᠤᠯᠠᠮᠵᠢᠯᠠᠭᠰᠠᠨ ᠶᠤᠮ᠃ ᠲᠡᠳᠡ ᠵᠢᠵᠢᠭ ᠳᠤᠮᠳᠠ ᠦᠢᠯᠡᠳᠪᠦᠷᠢ ᠶᠢᠨ ᠬᠥᠭᠵᠢᠯ ᠢ ᠳᠡᠮᠵᠢᠬᠦ ᠰᠠᠩ ᠠᠴᠠ ᠶᠡᠬᠡ ᠬᠡᠮᠵᠢᠶᠡᠨ ᠦ ᠵᠢᠭᠡᠯᠡ ᠠᠪᠤᠭᠰᠠᠨ ᠡᠷᠬᠡ ᠮᠡᠳᠡᠯᠲᠡᠨ ᠨᠦᠭᠦᠳ ᠨᠢ ᠵᠥᠪᠬᠡᠨ ᠮᠥᠩᠭᠥ ᠪᠢᠰᠢ ᠪᠣᠯᠤᠮᠵᠢ ᠪᠣᠯᠤᠨ ᠢᠷᠡᠭᠡᠳᠦᠢ ᠶᠢ ᠬᠤᠯᠠᠭᠠᠶᠢᠯᠠᠵᠤ ᠪᠤᠢ ᠶᠠᠪᠤᠳᠠᠯ ᠬᠡᠮᠡᠨ ᠦᠵᠡᠵᠦ ᠪᠠᠶᠢᠭ᠎ᠠ ᠪᠠᠨ ᠢᠯᠡᠷᠬᠡᠶᠢᠯᠡᠵᠦ᠂ ᠨᠡᠷ᠎ᠡ ᠬᠣᠯᠪᠣᠭᠳᠠᠭᠰᠠᠨ ᠲᠥᠷᠥ ᠶᠢᠨ ᠥᠨᠳᠥᠷ ᠳᠡᠭᠡᠳᠦ ᠠᠯᠪᠠᠨ ᠲᠤᠰᠢᠶᠠᠯᠲᠠᠨ ᠨᠤᠭᠤᠳ ᠲᠤ ᠬᠠᠤᠯᠢ ᠶᠢᠨ ᠳᠠᠭᠠᠤ ᠬᠠᠷᠢᠭᠤᠴᠠᠯᠭ᠎ᠠ ᠲᠣᠭᠠᠴᠠᠬᠤ ᠶᠢ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠠᠴᠠ ᠬᠦᠰᠡᠪᠡ᠃

ᠰᠡᠳᠬᠢᠭᠳᠡᠯ ᠦᠯᠡᠳᠡᠭᠡᠬᠦ