ᠪᠠᠶᠢᠲᠤ ᠬᠠᠷᠪᠤᠭᠠᠨ ᠤ ᠡᠭᠡᠯᠵᠢᠲᠦ ᠶᠡᠬᠡ ᠬᠤᠷᠠᠯ ᠪᠣᠯᠤᠨ᠎ᠠ | News.MN

ᠪᠠᠶᠢᠲᠤ ᠬᠠᠷᠪᠤᠭᠠᠨ ᠤ ᠡᠭᠡᠯᠵᠢᠲᠦ ᠶᠡᠬᠡ ᠬᠤᠷᠠᠯ ᠪᠣᠯᠤᠨ᠎ᠠ

ᠮᠣᠩᠭᠣᠯ ᠤᠨ ᠪᠠᠶᠢᠲᠤ ᠬᠠᠷᠪᠤᠭᠠᠨ ᠤ ᠡᠭᠡᠯᠵᠢᠲᠦ ᠶᠡᠬᠡ ᠬᠤᠷᠠᠯ ᠡᠨᠡ ᠰᠠᠷ᠎ᠠ ᠶᠢᠨ 10 ᠍ ᠳᠦ ︽ᠴᠢᠩᠭᠢᠰ︾ ᠵᠣᠴᠢᠳ ᠪᠠᠭᠤᠳᠠᠯ ᠳᠤ ᠵᠣᠬᠢᠶᠠᠨ ᠪᠠᠶᠢᠭᠤᠯᠤᠭᠳᠠᠨ᠎ᠠ᠃ ᠶᠡᠬᠡ ᠬᠤᠷᠠᠯ ᠤᠨ ᠦᠶ᠎ᠡ ᠪᠡᠷ ᠪᠣᠯᠪᠠᠰᠤᠷᠠᠯ ᠰᠤᠳᠤᠯᠤᠯ ᠤᠨ ᠳ᠋ᠣᠺᠲ᠋ᠣᠷ᠂ ᠳᠡᠳ᠋ ᠫᠷᠣᠹᠧᠰᠰᠣᠷ ᠱ∙ᠳᠣᠯᠭᠠᠷ ︽ᠲᠠᠮᠢᠷᠴᠢᠳ ᠤᠨ ᠰᠡᠳᠬᠢᠯ ᠵᠦᠢ ᠶᠢᠨ ᠪᠡᠯᠡᠨ ᠪᠠᠶᠢᠳᠠᠯ︾᠂ ᠲᠧᠭᠨᠣᠯᠣᠭᠢ ᠶᠢᠨ ᠤᠬᠠᠭᠠᠨ ᠤ ᠳ᠋ᠣᠺᠲ᠋ᠣᠷ᠂ ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ ᠶᠢᠨ ᠪᠠᠭᠰᠢ ᠭ∙ᠡᠩᠬᠡᠲᠠᠶᠢᠪᠤᠩ ︽ᠲᠠᠮᠢᠷᠴᠢᠨ ᠤ ᠬᠣᠭᠣᠯᠠ ᠵᠦᠢ︾᠂ ᠪᠣᠯᠪᠠᠰᠤᠷᠠᠯ ᠰᠤᠳᠤᠯᠤᠯ ᠤᠨ ᠳ᠋ᠣᠺᠲ᠋ᠣᠷ᠂ ᠳᠡᠳ᠋ ᠫᠷᠣᠹᠧᠰᠰᠣᠷ ᠰ∙ᠲᠤᠭᠤᠯ ︽ᠪᠠᠶᠢᠲᠤ ᠬᠠᠷᠪᠤᠭᠠᠨ ᠤ ᠲᠠᠮᠢᠷᠴᠢᠳ ᠤᠨ ᠪᠤᠯᠴᠢᠩ ᠤᠨ ᠦᠢᠯᠡ ᠠᠵᠢᠯᠯᠠᠭ᠎ᠠ᠂ ᠲᠡᠭᠦᠨ ᠢ ᠬᠥᠭᠵᠢᠭᠦᠯᠬᠦ ᠨᠢ︾᠂ ᠰᠠᠩᠬᠦᠦ ᠡᠳ᠋ ᠦᠨ ᠵᠠᠰᠠᠭ ᠤᠨ ᠶᠡᠬᠡ  ᠰᠤᠷᠭᠠᠭᠤᠯᠢ᠍ ᠶᠢᠨ ᠪᠠᠭᠰᠢ ᠪ∙ᠭᠦᠨᠳᠡᠭᠮᠠ ︽ᠲᠠᠮᠢᠷᠴᠢᠨ ᠤ ᠰᠠᠬᠢᠯᠭ᠎ᠠ ᠪᠠᠲᠤ᠂ ᠶᠣᠰᠣ ᠵᠦᠢ︾ ᠭᠡᠰᠡᠨ ᠢᠯᠡᠳᠬᠡᠯ ᠢ ᠬᠡᠯᠡᠯᠴᠡᠭᠦᠯᠬᠦ ᠶᠤᠮ ᠪᠠᠶᠢᠨ᠎ᠠ᠃
ᠮᠥᠨ ᠮᠣᠩᠭᠣᠯ ᠤᠨ ᠪᠠᠶᠢᠲᠤ ᠬᠠᠷᠪᠤᠭᠠᠨ ᠤ ᠬᠣᠯᠪᠣᠭᠠᠨ ᠤ ᠶᠡᠷᠦᠩᠬᠡᠶᠢᠯᠡᠭᠴᠢ ᠫ∙ᠴᠠᠭᠠᠨ ᠶᠡᠬᠡ ᠬᠤᠷᠠᠯ ᠤᠨ ᠳᠢᠭ ᠢ ᠲᠠᠨᠢᠯᠴᠠᠭᠤᠯᠵᠤ᠂ ᠳᠦᠷᠢᠮ ᠦᠨ ᠥᠭᠡᠷᠡᠴᠢᠯᠡᠯᠲᠡ ᠶᠢ ᠬᠡᠯᠡᠯᠴᠡᠭᠦᠯᠵᠦ ᠪᠠᠲᠤᠯᠠᠭᠤᠯᠤᠨ ᠳᠥᠷᠪᠡᠨ ᠵᠢᠯ ᠦᠨ ᠠᠵᠢᠯ ᠤᠨ ᠲᠠᠶᠢᠯᠤᠨ ᠢᠶᠠᠨ ᠲᠠᠯᠪᠢᠬᠤ ᠠᠵᠠᠢ᠃ ᠡᠨᠡ ᠶᠡᠬᠡ ᠬᠤᠷᠠᠯ ᠢᠶᠠᠷ ︽2018-2028 ᠣᠨ ᠬᠦᠷᠲᠡᠯᠡᠬᠢ ᠪᠠᠶᠢᠲᠤ ᠬᠠᠷᠪᠤᠭᠠᠨ ᠤ ᠬᠥᠭᠵᠢᠯ ᠦᠨ ᠪᠣᠳᠣᠯᠭ᠎ᠠ ︾ ᠶᠢ ᠬᠡᠯᠡᠯᠴᠡᠭᠦᠯᠵᠦ ᠪᠠᠲᠤᠯᠠᠬᠤ ᠲᠥᠯᠥᠪᠯᠡᠭᠡ ᠲᠡᠢ ᠪᠠᠶᠢᠭ᠎ᠠ ᠠᠵᠠᠢ ᠃

ᠰᠡᠳᠬᠢᠭᠳᠡᠯ ᠦᠯᠡᠳᠡᠭᠡᠬᠦ