ᠬᠥᠪᠰᠥᠭᠥᠯ ᠠᠶᠢᠮᠠᠭ ᠤᠨ ᠨᠡᠶᠢᠲᠡ ᠶᠢᠨ ᠨᠣᠮ ᠤᠨ ᠰᠠᠩ᠂ ᠤᠳᠬ᠎ᠠ ᠵᠣᠬᠢᠶᠠᠯ ᠤᠨ ᠨᠢᠭᠡᠳᠦᠯ ᠬᠠᠮᠲᠤᠷᠠᠨ ᠢᠷᠠᠭᠤ ᠨᠠᠶᠢᠷᠠᠭᠴᠢ ᠱ∙ᠪᠠᠳᠮᠠᠷᠠᠭᠴᠠ ᠶᠢᠨ ︽ᠬᠦᠯᠢᠴᠡᠩᠭᠦᠢ ᠦᠲ᠋ᠦ᠋ᠫᠢ︾ ᠨᠣᠮ ᠤᠨ ᠨᠡᠭᠡᠭᠡᠯᠲᠡ ᠶᠢ ᠵᠣᠬᠢᠶᠠᠨ ᠪᠠᠶᠢᠭᠤᠯᠤᠯ᠎ᠠ᠃ ᠢᠷᠠᠭᠤ ᠨᠠᠶᠢᠷᠠᠭᠴᠢ ᠱ∙ᠪᠠᠳᠮᠠᠷᠠᠭᠴᠠ ᠬᠥᠪᠰᠥᠭᠥᠯ ᠠᠶᠢᠮᠠᠭ ᠤᠨ ᠴᠡᠴᠡᠷᠯᠢᠭ ᠰᠤᠮᠤᠨ ᠳᠤ ᠲᠦᠷᠦᠭᠰᠡᠨ᠂ 2014 ᠣᠨ ᠳᠤ ᠠᠩᠬᠠᠨ ᠤ ︽ᠪᠢᠴᠢᠬᠠᠨ ᠭᠡᠷᠡᠯ ᠦᠳ︾ ᠢᠷᠠᠭᠤ ᠨᠠᠶᠢᠷᠠᠭ ᠤᠨ ᠨᠣᠮ ᠢᠶᠠᠨ ᠬᠡᠪᠯᠡᠭᠦᠯᠵᠦ ᠪᠠᠶᠢᠭᠰᠠᠨ ᠪᠣᠯ ᠡᠳᠦᠭᠡ ᠳᠥᠷᠪᠡᠨ ᠵᠢᠯ ᠦᠨ ᠳᠠᠷᠠᠭ᠎ᠠ ᠬᠤᠶᠠᠳᠠᠬᠢ ᠢᠷᠠᠭᠤ ᠨᠠᠶᠢᠷᠠᠭ ᠤᠨ ᠨᠣᠮ ᠢᠶᠠᠨ ᠥᠯᠥᠭᠡᠶᠢᠳᠡᠨ ᠠᠪᠤᠭᠰᠠᠨ ᠶᠤᠮ᠃ ᠡᠨᠡ ᠦᠶ᠎ᠡ ᠪᠡᠷ ᠰᠤᠷᠤᠭᠴᠢᠳ ᠨᠤᠮ ᠤᠨ ᠨᠡᠷ᠎ᠡ ᠶᠢᠨ ᠲᠠᠯ᠎ᠠ ᠪᠠᠷ ᠠᠰᠠᠭᠤᠬᠤ ᠳᠤ ︽ᠦᠲ᠋ᠦ᠋ᠫᠢ︾ ᠭᠡᠳᠡᠭ ᠦᠭᠡ ᠨᠢ ᠦᠯᠦ ᠭᠦᠢᠴᠡᠯᠳᠦᠬᠦ ᠦᠵᠡᠯ ᠭᠡᠰᠡᠨ ᠤᠳᠬ᠎ᠠ ᠲᠠᠢ ᠶᠢ ᠬᠡᠯᠡᠵᠦ ᠪᠠᠶᠢᠯ᠎ᠠ᠃ ᠨᠡᠭᠡᠭᠡᠯᠲᠡ ᠶᠢᠨ ᠠᠷᠭ᠎ᠠ ᠬᠡᠮᠵᠢᠶᠡᠨ ᠳᠦ ᠠᠶᠢᠮᠠᠭ ᠤᠨ ᠤᠳᠬ᠎ᠠ ᠵᠣᠬᠢᠶᠠᠯ ᠤᠨ ᠨᠢᠭᠡᠳᠦᠯ ᠦᠨ ᠬᠠᠮᠲᠤ ᠣᠯᠠᠨ᠂ ᠮᠣᠩᠭᠣᠯ ᠬᠡᠯᠡ ᠤᠷᠠᠨ ᠵᠣᠬᠢᠶᠠᠯ ᠤᠨ ᠵᠢᠭᠠᠬᠤ ᠠᠷᠭ᠎ᠠ ᠵᠦᠢᠴᠢ ᠣ᠊∙ᠣᠶᠤᠨᠲᠤᠩᠭᠠᠯᠠᠭ᠂ ᠠᠬᠠᠮᠠᠳ ᠢᠷᠠᠭᠤ ᠨᠠᠶᠢᠷᠠᠭᠴᠢ ᠨ᠂ ᠭᠡᠯᠢᠭᠵᠡᠮᠰᠦ ᠨᠠᠷ᠂ ᠢᠷᠠᠭᠤ ᠨᠠᠶᠢᠷᠠᠭ ᠲᠤ ᠳᠤᠷᠠᠲᠠᠢ ᠤᠩᠰᠢᠭᠴᠢᠳ ᠣᠷᠣᠯᠴᠠᠯ᠎ᠠ᠃