ᠰᠢᠳᠤᠷᠭᠤ ᠶᠣᠰᠣ ᠭᠡᠳᠡᠭ ᠴᠢᠨᠢ ᠡᠨᠡ ᠲᠠᠩᠬᠢᠮ ᠠᠴᠠ ᠡᠬᠢᠯᠡᠬᠦ ᠶᠣᠰᠣᠲᠠᠢ | News.MN

ᠰᠢᠳᠤᠷᠭᠤ ᠶᠣᠰᠣ ᠭᠡᠳᠡᠭ ᠴᠢᠨᠢ ᠡᠨᠡ ᠲᠠᠩᠬᠢᠮ ᠠᠴᠠ ᠡᠬᠢᠯᠡᠬᠦ ᠶᠣᠰᠣᠲᠠᠢ

ᠤᠯᠤᠰ ᠤᠨ ᠶᠡᠬᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠤᠯᠤᠰ ᠤᠨ ᠶᠡᠬᠡ ᠬᠤᠷᠠᠯ ᠤᠨ ᠭᠡᠰᠢᠭᠦᠨ ᠪ∙ ᠪᠠᠲᠤᠵᠤᠷᠢᠭ ᠤᠨ ᠪᠦᠷᠢᠨ ᠡᠷᠬᠡ ᠶᠢ ᠲᠦᠳᠡᠭᠡᠯᠵᠡᠭᠦᠯᠬᠦ ᠡᠰᠡᠬᠦ ᠠᠰᠠᠭᠤᠳᠠᠯ ᠢ ᠬᠡᠯᠡᠯᠴᠡᠵᠦ ᠪᠠᠶᠢᠨ᠎ᠠ᠃
ᠣ᠊∙ᠪᠠᠰᠠᠩᠬᠦᠦ ᠭᠡᠰᠢᠭᠦᠨ ᠄ ᠨᠢᠭᠡ ᠨᠠᠮ ᠤᠨ ᠬᠢᠨ ᠪᠠᠶᠢᠵᠤ ᠶᠠᠭᠠᠬᠢᠭᠠᠳ ᠪᠠᠶᠢᠩᠭᠤ ᠶᠢᠨ ᠬᠣᠷᠢᠶ᠎ᠠ ᠶᠢ ᠬᠠᠭᠠᠯᠲᠠᠲᠠᠢ ᠬᠤᠷᠠᠯᠳᠤᠭᠤᠯᠤᠭᠰᠠᠨ ᠶᠤᠮ ᠪᠤᠢ᠂ ᠪᠦᠯᠦᠭ ᠳᠡᠭᠡᠷ᠎ᠡ ᠪᠡᠨ ᠰᠢᠢᠳᠦᠭᠰᠡᠨ ᠶᠠᠭᠤᠮ᠎ᠠ ᠪᠠᠨ ᠪᠠᠶᠢᠩᠭᠤ ᠶᠢᠨ ᠬᠣᠷᠢᠶ᠎ᠠ ᠪᠠᠷ ᠣᠷᠣᠭᠤᠯᠵᠤ  ᠵᠦᠴᠦᠭᠡᠯᠡᠬᠦ ᠬᠡᠷᠡᠭ ᠪᠠᠶᠢᠭᠰᠠᠨ ᠶᠤᠮ ᠤᠤ ᠂ ᠶᠡᠷᠦᠩᠬᠡᠢ ᠫᠷᠣᠺᠦᠷᠣᠷ ᠤᠯᠤᠰ ᠤᠨ ᠶᠡᠬᠡ ᠬᠤᠷᠠᠯ ᠦᠨ ᠳᠥᠷᠪᠡᠨ ᠭᠡᠰᠢᠭᠦᠨ ᠬᠣᠯᠪᠣᠭᠳᠠᠭᠰᠠᠨ ᠭᠡᠰᠡᠨ᠃ ᠲᠡᠳᠡᠨ ᠦ ᠨᠡᠷ᠎ᠡ ᠶᠢ ᠵᠠᠷᠯᠠᠭᠠᠴᠢ᠃ ᠲᠡᠳᠡᠨ ᠢ ᠮᠥᠩᠭᠥ ᠤᠭᠢᠶᠠᠭᠰᠠᠨ ᠭᠡᠳ ᠪᠠᠶᠢᠭ᠎ᠠ᠃ ᠨᠠᠮ ᠤᠨ ᠳᠠᠭᠠᠭᠠᠯᠭᠠᠪᠤᠷᠢ ᠥᠭᠭᠦᠭᠰᠡᠨ ᠭᠣᠣᠯ ᠬᠦᠮᠦᠰ ᠢ ᠰᠢᠯᠭᠠᠬᠤ ᠦᠭᠡᠢ ᠭᠦᠢᠴᠡᠳᠬᠡᠭᠴᠢ ᠶᠢ ᠨᠢ ᠰᠢᠯᠭᠠᠭᠠᠳ ᠪᠠᠶᠢᠬᠤ ᠶᠤᠮ᠃ ᠴᠢᠭᠯᠡᠯ ᠥᠭᠭᠦᠭᠰᠡᠨ ᠬᠦᠮᠦᠰ ᠢ ᠨᠢ ᠰᠢᠯᠭᠠᠬᠤ ᠤᠤ ︖
ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠱ∙ᠷᠠᠳᠨᠠᠰᠸᠳᠢ ᠄ ᠳᠢᠭ ᠦᠨ ᠬᠠᠤᠯᠢ ᠶᠢᠨ ᠳᠠᠭᠠᠤ ᠬᠠᠭᠠᠯᠲᠠᠲᠠᠢ ᠭᠣᠷᠢᠮ ᠢᠶᠠᠷ ᠬᠡᠯᠡᠯᠴᠡᠨ᠎ᠡ ᠭᠡᠰᠡᠨ ᠰᠠᠨᠠᠯ ᠭᠠᠷᠭᠠᠭᠰᠠᠨ ᠪᠣᠯ ᠰᠠᠨᠠᠯ ᠬᠤᠷᠢᠶᠠᠯᠲᠠ ᠶᠠᠪᠤᠭᠤᠯᠤᠭᠠᠳ ᠬᠡᠯᠡᠯᠴᠡᠨ᠎ᠡ᠃ ᠥᠴᠥᠭᠡᠳᠦᠷ ᠪᠠᠶᠢᠩᠭᠤ ᠶᠢᠨ ᠬᠣᠷᠢᠶᠠᠨ ᠤ ᠭᠡᠰᠢᠭᠦᠨ ᠡᠴᠡ ᠲᠡᠶᠢᠮᠦ ᠰᠠᠨᠠᠯ ᠭᠠᠷᠤᠭᠰᠠᠨ ᠃

ᠬᠠᠯᠳᠠᠰᠢ ᠦᠭᠡᠢ ᠪᠠᠶᠢᠳᠠᠯ ᠤᠨ ᠳᠡᠳ᠋ ᠬᠣᠷᠢᠶᠠᠨ ᠤ ᠳᠠᠷᠤᠭ᠎ᠠ ᠼ∙ᠨᠢᠮᠠᠳᠣᠷᠵᠢ᠄ ᠳᠡᠳ᠋ ᠬᠣᠷᠢᠶᠠᠨ ᠤ ᠪᠦᠷᠢᠯᠳᠦᠬᠦᠨ ᠳᠦ ᠶᠡᠬᠡ ᠬᠤᠷᠠᠯ ᠳᠤ ᠣᠯᠠᠨ ᠤᠳᠠᠭ᠎ᠠ ᠰᠣᠩᠭᠣᠭᠳᠠᠭᠰᠠᠨ ᠲᠠᠪᠤᠨ ᠭᠡᠰᠢᠭᠦᠨ ᠪᠠᠶᠢᠳᠠᠭ᠃ ᠪᠢᠳᠡ ᠨᠠᠮ ᠤᠨ ᠪᠦᠯᠦᠭ ᠦᠨ ᠰᠢᠢᠳᠪᠦᠷᠢ ᠡᠨᠡ ᠲᠡᠷᠡ ᠭᠡᠵᠦ ᠣᠭᠲᠣ ᠶᠠᠷᠢᠶ᠎ᠠ ᠦᠭᠡᠢ᠃ ᠶᠠᠭ ᠣᠳᠣ ᠲᠦᠳᠡᠭᠡᠯᠵᠡᠭᠦᠯᠬᠦ ᠭᠡᠬᠦ ᠪᠡᠷ ᠲᠠᠨᠢᠯᠴᠠᠭᠤᠯᠭ᠎ᠠ ᠡᠨᠡ ᠲᠡᠷᠡ ᠪᠣᠯᠬᠤ ᠦᠭᠡᠢ ᠪᠠᠶᠢᠭᠰᠠᠨ ᠪᠣᠯᠬᠣᠷ ᠡᠶᠢᠮᠦ ᠰᠢᠢᠳᠪᠦᠷᠢ ᠭᠠᠷᠭᠠᠭᠰᠠᠨ᠃ ᠲᠣᠳᠣᠷᠬᠠᠢ ᠬᠡᠷᠡᠭ᠂ ᠬᠦᠮᠦᠨ ᠲᠡᠢ ᠬᠣᠯᠪᠣᠭᠠᠲᠠᠢ ᠠᠰᠠᠭᠤᠳᠠᠯ ᠢ ᠨᠡᠭᠡᠭᠡᠯᠲᠡ ᠲᠡᠢ ᠶᠠᠷᠢᠯᠴᠠᠬᠤ ᠭᠡᠬᠦ ᠪᠡᠷ ᠮᠥᠷᠳᠡᠨ ᠪᠠᠶᠢᠴᠠᠭᠠᠯᠲᠠ ᠶᠢᠨ ᠠᠵᠢᠯᠯᠠᠭᠠᠨ ᠳᠤ ᠬᠠᠷᠰᠢᠯᠠᠬᠤ ᠭᠡᠳ ᠪᠠᠶᠢᠭᠰᠠᠨ ᠤᠴᠢᠷ ᠠᠴᠠ ᠬᠠᠭᠠᠯᠲᠠᠲᠠᠢ ᠬᠤᠷᠠᠯᠳᠤᠭᠰᠠᠨ ᠃
ᠤᠯᠤᠰ ᠤᠨ ᠶᠡᠷᠦᠩᠬᠡᠢ ᠫᠷᠣᠺᠦᠷᠣᠷ ᠮ∙ᠡᠩᠬᠡᠠᠠᠮᠤᠭᠤᠯᠠᠩ ᠄ ᠫᠷᠣᠺᠤᠷᠣᠷ ᠤᠨ ᠪᠠᠶᠢᠭᠤᠯᠤᠯᠭ᠎ᠠ ᠠᠴᠠ ᠶᠠᠮᠠᠷ ᠲᠣᠳᠣᠷᠠᠭᠤᠯᠭ᠎ᠠ ᠬᠢᠭᠰᠡᠨ ᠢ ᠪᠢ ᠮᠡᠳᠡᠬᠦ ᠦᠭᠡᠢ ᠪᠠᠶᠢᠨ᠎ᠠ᠃ ᠭᠡᠰᠢᠭᠦᠨ ᠳᠦ ᠴᠢᠭᠯᠡᠭᠳᠡᠭᠡᠳ ᠰᠢᠯᠭᠠᠭᠳᠠᠭᠰᠠᠨ ᠵᠦᠢᠯ ᠪᠣᠯ ᠪᠠᠶᠢᠬᠤ ᠦᠭᠡᠢ᠃ ᠨᠠᠮ ᠤᠨ ᠳᠠᠭᠠᠭᠠᠯᠭᠠᠪᠤᠷᠢ ᠥᠭᠭᠦᠭᠰᠡᠨ ᠵᠠᠬᠢᠶᠠᠯᠠᠭᠴᠢ ᠶᠢ ᠰᠢᠯᠭ᠎ᠠ ᠭᠡᠵᠦ ᠪᠠᠶᠢᠨ᠎ᠠ᠂ ᠣᠳᠣ ᠪᠠᠷ ᠲᠡᠶᠢᠮᠦ ᠵᠦᠢᠯ ᠠᠯᠠᠭ᠎ᠠ᠃
ᠤᠯᠤᠰ ᠤᠨ ᠶᠡᠬᠡ ᠬᠤᠷᠠᠯ ᠤᠨ ᠭᠡᠰᠢᠭᠦᠨ ᠳ∙ᠤᠶᠤᠨᠬᠤᠷᠯᠤ ᠄ ᠬᠥᠭᠵᠢᠯ ᠦᠨ ᠪᠠᠩᠬᠢ ᠶᠢ ᠰᠢᠯᠭᠠᠭᠰᠠᠨ ᠳ᠋ᠦᠩ ᠢ ᠬᠠᠤᠯᠢ ᠬᠢᠨᠠᠯᠲᠠ ᠶᠢᠨ ᠪᠠᠶᠢᠭᠤᠯᠤᠯᠭ᠎ᠠ ᠨᠤᠭᠤᠳ ᠲᠤ ᠥᠭᠴᠦ ᠪᠠᠶᠢᠭᠰᠠᠨ᠃ ᠡᠨᠡ ᠰᠢᠯᠭᠠᠯᠲᠠ ᠶᠢᠨ ᠳ᠋ᠦᠩ ᠬᠠᠮᠢᠭ᠎ᠠ ᠶᠠᠪᠤᠳᠠᠭ ᠶᠤᠮ ᠪᠤᠢ᠃  ᠪᠤᠨᠳ᠋ ᠤᠨ ᠠᠰᠠᠭᠤᠳᠠᠯ ᠢ  ᠶᠠᠭᠠᠬᠢᠬᠤ ᠪᠤᠢ  ︖
ᠤᠯᠤᠰ ᠤᠨ ᠶᠡᠷᠦᠩᠬᠡᠢ ᠫᠷᠣᠺᠦᠷᠣᠷ ᠮ∙ᠡᠩᠬᠡᠠᠠᠮᠤᠭᠤᠯᠠᠩ ᠄ 2015-2016 ᠣᠨ ᠤ ᠦᠶ᠎ᠡ ᠳᠦ ᠦᠢᠯᠡᠳᠦᠭᠳᠡᠭᠰᠡᠨ ᠬᠡᠷᠡᠭ ᠰᠢᠯᠭᠠᠭᠳᠠᠭᠠᠳ ᠰᠢᠭᠦᠬᠦ ᠳᠤ ᠰᠢᠯᠵᠢᠭᠡᠳ ᠪᠤᠴᠠᠭᠠᠳ ᠮᠥᠷᠳᠡᠨ ᠪᠠᠶᠢᠴᠠᠭᠠᠯᠲᠠ ᠳᠤ ᠰᠢᠯᠵᠢᠭᠡᠳ ᠂ ᠡᠷᠭᠢᠵᠦ ᠪᠤᠴᠠᠭᠠᠳ ᠣᠳᠣ ᠳᠠᠬᠢᠨ ᠰᠢᠭᠦᠬᠦ ᠳᠤ ᠰᠢᠯᠵᠢᠬᠦ ᠭᠡᠵᠦ ᠪᠠᠶᠢᠭ᠎ᠠ᠃
ᠤᠯᠤᠰ ᠤᠨ ᠶᠡᠬᠡ ᠬᠤᠷᠠᠯ ᠤᠨ ᠭᠡᠰᠢᠭᠦᠨ ᠮ∙ᠣᠶᠤᠨᠴᠢᠮᠡᠭ ᠄ ᠡᠷᠳᠡᠨᠢᠲᠦ᠂ ASEM ᠂  ︽ᠦᠨ᠎ᠡ ᠲᠣᠭᠲᠠᠪᠤᠷᠢᠵᠢᠭᠤᠯᠬᠤ ᠬᠥᠲᠥᠯᠪᠦᠷᠢ ︾ ᠭᠡᠳ ᠨᠡᠷ᠎ᠡ ᠲᠡᠢ ᠤᠰᠤ ᠲᠠᠢ ᠪᠠᠨ ᠲᠣᠳᠣᠷᠬᠠᠢ ᠬᠡᠷᠡᠭ ᠦᠳ ᠶᠠᠭᠠᠬᠢᠭᠠᠳ ᠢᠩᠭᠢᠵᠦ 3-4 ᠵᠢᠯ ᠰᠤᠨᠵᠢᠷᠠᠵᠤ ᠪᠠᠶᠢᠨ᠎ᠠ ᠪᠤᠢ᠃ ᠡᠨᠡ ᠠᠰᠠᠭᠤᠳᠠᠯ ᠤᠳ ᠢ ᠰᠠᠭᠤᠷᠢ ᠪᠠᠷ ᠨᠢ ᠰᠢᠯᠭᠠᠵᠤ᠂ ᠴᠡᠪᠡᠷᠯᠡᠮᠡᠷ ᠪᠠᠶᠢᠨ᠎ᠠ᠃ ᠵᠠᠷᠢᠮ ᠬᠡᠷᠡᠭ ᠢ ᠮᠠᠰᠢ ᠰᠢᠭᠤᠷᠬᠠᠢ ᠰᠢᠢᠳᠳᠡᠭ ᠬᠢᠷᠢ ᠨᠢ ᠡᠶᠢᠮᠦ ᠬᠡᠷᠡᠭ ᠦᠳ ᠢ ᠶᠠᠭᠠᠬᠢᠭᠠᠳ ᠢᠩᠭᠢᠵᠦ ᠤᠳᠠᠭᠠᠨ ᠰᠢᠯᠭᠠᠳᠠᠭ ᠶᠤᠮ ᠪᠤᠢ ᠭᠡᠳᠡᠭ ᠢ ᠶᠡᠷᠦᠩᠬᠡᠢ ᠫᠷᠣᠺᠦᠷᠣᠷ ᠪᠣᠯᠤᠨ ᠬᠠᠤᠯᠢ ᠵᠦᠢ ᠶᠢᠨ ᠰᠠᠶᠢᠳ ᠠᠴᠠ ᠠᠰᠠᠭᠤᠮᠠᠷ ᠪᠠᠶᠢᠨ᠎ᠠ᠃
ᠤᠯᠤᠰ ᠤᠨ ᠶᠡᠷᠦᠩᠬᠡᠢ ᠫᠷᠣᠺᠦᠷᠣᠷ ᠮ∙ᠡᠩᠬᠡᠠᠠᠮᠤᠭᠤᠯᠠᠩ᠄ ᠴᠠᠭᠠᠳᠤ ᠰᠠᠭᠤᠷᠢ ᠶᠢ ᠥᠭᠡᠷᠡᠴᠢᠯᠡᠬᠦ ᠨᠢ ᠮᠢᠨᠦ ᠠᠰᠠᠭᠤᠳᠠᠯ ᠪᠢᠰᠢ᠃ ᠲᠠ ᠨᠠᠷ ᠤᠨ ᠠᠰᠠᠭᠤᠳᠠᠯ᠃ ᠥᠪᠡᠷᠰᠡᠳ ᠦᠨ ᠴᠢᠨᠢ ᠪᠠᠲᠤᠯᠠᠵᠤ ᠥᠭᠭᠦᠭᠰᠡᠨ ᠬᠠᠤᠯᠢ ᠪᠠᠷ ᠪᠦᠭᠦᠳᠡ ᠶᠢ ᠨᠢ ᠴᠠᠭᠳᠠᠵᠤ ᠬᠣᠷᠢᠭᠠᠳ ᠪᠠᠶᠢᠬᠤ ᠪᠣᠯᠤᠮᠵᠢ ᠦᠭᠡᠢ᠃ ᠬᠠᠤᠯᠢ ᠪᠠᠨ ᠥᠪᠡᠷᠰᠡᠳ ᠢᠶᠡᠨ ᠪᠠᠲᠤᠯᠠᠵᠤ ᠥᠭᠴᠢᠬᠡᠭᠡᠳ᠂ ᠴᠢ ᠡᠨᠡ ᠶᠢ ᠠᠪᠠᠴᠢᠵᠤ ᠬᠣᠷᠢᠬᠤ ᠦᠭᠡᠢ ᠪᠠᠶᠢᠨ᠎ᠠ᠃ ᠠᠷᠠᠳ ᠲᠦᠮᠡᠨ ᠬᠠᠷᠠᠵᠤ ᠪᠠᠶᠢᠬᠤ ᠳᠤ ᠵᠦᠭᠡᠷ ᠭᠠᠳᠠᠭᠤᠷ ᠶᠠᠪᠤᠭᠤᠯᠤᠭᠠᠳ ᠪᠠᠶᠢᠨ᠎ᠠ ᠭᠡᠵᠦ ᠬᠠᠤᠯᠢ ᠬᠡᠷᠡᠭᠵᠢᠭᠦᠯᠳᠡᠭ ᠬᠦᠮᠦᠨ ᠤᠷᠤᠭᠤ ᠶᠠᠷᠢᠭᠠᠳ ᠪᠠᠶᠢᠬᠤ ᠶᠤᠮ᠃ ᠲᠡᠶᠢᠮᠦ ᠤᠴᠢᠷ ᠠᠴᠠ ᠬᠠᠤᠯᠢ ᠪᠠᠨ ᠨᠠᠷᠢᠨ ᠪᠣᠯᠭᠠᠬᠤ ᠬᠡᠷᠡᠭᠲᠡᠢ᠃ ᠳᠡᠭᠡᠷ᠎ᠡ ᠨᠢ ᠲᠠ ᠨᠠᠷ ᠳᠠᠩᠳᠠ ᠬᠠᠤᠯᠢ ᠵᠦᠢ ᠶᠢᠨ ᠰᠠᠶᠢᠳ ᠠᠴᠠ ᠠᠰᠠᠭᠤᠵᠤ ᠪᠠᠶᠢᠨ᠎ᠠ᠃ ᠡᠨᠡ ᠬᠡᠷᠡᠭ ᠶᠠᠭᠠᠬᠢᠭᠠᠳ ᠶᠠᠪᠤᠬᠤ ᠦᠭᠡᠢ ᠪᠠᠶᠢᠨ᠎ᠠ ᠭᠡᠬᠦ ᠶᠤᠮ᠃ ᠡᠭᠦᠨ ᠢ ᠬᠠᠤᠯᠢ ᠵᠦᠢ ᠶᠢᠨ ᠰᠠᠶᠢᠳ ᠮᠡᠳᠡᠬᠦ ᠦᠭᠡᠢ᠂ ᠤᠷᠤᠯᠴᠠᠬᠤ ᠡᠷᠬᠡ ᠦᠭᠡᠢ᠃ ᠬᠠᠤᠯᠢ ᠵᠦᠢ ᠶᠢᠨ ᠰᠠᠶᠢᠳ ᠬᠡᠷᠪᠡ ᠭᠠᠷ ᠢᠶᠠᠨ  ᠬᠦᠳᠡᠯᠭᠡᠭᠡᠳ ᠡᠬᠢᠯᠡᠪᠡᠯ ᠥᠪᠡᠷ ᠢᠶᠡᠨ ᠡᠷᠡᠭᠦᠦ ᠶᠢᠨ ᠬᠠᠷᠢᠭᠤᠴᠠᠯᠭ᠎ᠠ ᠬᠦᠯᠢᠶᠡᠬᠦ ᠠᠰᠠᠭᠤᠳᠠᠯ ᠪᠠᠶᠢᠳᠠᠭ ᠶᠤᠮ᠃ ᠬᠠᠤᠯᠢ ᠵᠦᠢ ᠶᠢᠨ ᠰᠠᠶᠢᠳ ᠬᠡᠷᠡᠭ ᠪᠦᠷᠢᠳᠬᠡᠯ᠂ ᠮᠥᠷᠳᠡᠨ ᠪᠠᠶᠢᠴᠠᠭᠠᠯᠲᠠ ᠳᠤ ᠶᠠᠮᠠᠷ ᠴᠤ ᠬᠠᠮᠢᠶ᠎ᠠ ᠦᠭᠡᠢ ᠬᠦᠮᠦᠨ ᠰᠢᠦ ᠳ᠋ᠡ᠃
ᠮᠣᠩᠭᠣᠯ ᠤᠯᠤᠰ ᠤᠨ ᠶᠡᠷᠦᠩᠬᠡᠶᠢᠯᠡᠭᠴᠢ ᠡᠴᠡ ᠡᠭᠦᠷᠭᠡ ᠳᠠᠭᠠᠭᠠᠯᠭᠠᠪᠤᠷᠢ ᠠᠪᠴᠤ ᠪ∙ ᠪᠠᠲᠤᠵᠤᠷᠢᠭ ᠭᠡᠰᠢᠭᠦᠨ ᠦ ᠠᠰᠠᠭᠤᠳᠠᠯ ᠢ ᠣᠷᠣᠭᠤᠯᠵᠤ ᠢᠷᠡᠭᠰᠡᠨ ᠭᠡᠳ ᠪᠠᠶᠢᠭ᠎ᠠ᠂ ᠦᠭᠡᠢ᠃ ᠲᠡᠶᠢᠮᠦ ᠡᠭᠦᠷᠭᠡ ᠳᠠᠭᠠᠭᠠᠯᠭᠠᠪᠤᠷᠢ ᠪᠠᠷ ᠬᠥᠳᠡᠯᠳᠡᠭ ᠬᠦᠮᠦᠨ ᠪᠢ ᠪᠢᠰᠢ᠃ ᠬᠠᠤᠯᠢ ᠶᠢᠨ ᠳᠠᠭᠠᠤ ᠨᠥᠬᠥᠴᠡᠯ ᠪᠠᠶᠢᠳᠠᠯ ᠲᠣᠭᠲᠠᠭᠠᠭᠳᠠᠭᠰᠠᠨ ᠤᠴᠢᠷ ᠠᠴᠠ ᠪ∙ᠪᠠᠲᠤᠵᠤᠷᠢᠭ ᠭᠡᠳᠡᠭ ᠬᠦᠮᠦᠨ ᠢ ᠶᠠᠯᠠᠯᠠᠭᠳᠠᠭᠴᠢ ᠪᠠᠷ ᠲᠠᠲᠠᠵᠤ᠂ ᠲᠠ ᠪᠦᠬᠦᠨ ᠳᠦ ᠲᠠᠨᠢᠯᠴᠠᠭᠤᠯᠵᠤ ᠪᠠᠶᠢᠨ᠎ᠠ᠃ ᠲᠠ ᠪᠦᠬᠦᠨ ᠡᠨᠡ ᠬᠦᠮᠦᠨ ᠦ ᠡᠷᠬᠡ ᠶᠢ ᠲᠦᠳᠡᠭᠡᠯᠵᠡᠭᠦᠯᠬᠦ ᠂ ᠡᠰᠡ ᠲᠦᠳᠡᠭᠡᠯᠵᠡᠭᠦᠯᠬᠦ ᠪᠡᠨ ᠥᠪᠡᠷᠰᠡᠳ ᠢᠶᠡᠨ ᠰᠢᠢᠳᠬᠦ ᠶᠣᠰᠣᠲᠠᠢ᠃ ᠭᠡᠬᠦ ᠳᠦ ᠪᠡᠨ ᠠᠯᠢᠪᠠ ᠲᠣᠬᠢᠶᠠᠯᠳᠤᠯ ᠳᠤ ᠰᠢᠳᠤᠷᠭᠤ ᠶᠣᠰᠣ ᠭᠡᠵᠦ ᠪᠠᠶᠢᠬᠤ ᠶᠣᠰᠣᠲᠠᠢ᠃ ᠪᠢ ᠭᠤᠷᠪᠠᠳᠠᠬᠢ ᠤᠳᠠᠭ᠎ᠠ ᠪᠠᠨ ᠠᠰᠠᠭᠤᠳᠠᠯ ᠣᠷᠣᠭᠤᠯᠵᠤ ᠢᠷᠡᠵᠦ ᠪᠠᠶᠢᠨ᠎ᠠ᠃ ᠡᠬᠢᠨ ᠦ ᠬᠣᠶᠠᠷ ᠳᠡᠭᠡᠷ᠎ᠡ ᠨᠢ ᠲᠠ ᠨᠠᠷ ᠲᠠᠲᠠᠭᠠᠯᠵᠠᠭᠰᠠᠨ ᠬᠠᠷᠢᠭᠤ ᠥᠭᠭᠦᠭᠰᠡᠨ᠃ ᠰᠢᠳᠤᠷᠭᠤ ᠶᠣᠰᠣ ᠭᠡᠳᠡᠭ ᠴᠢᠨᠢ ᠡᠨᠡ ᠲᠠᠩᠬᠢᠮ ᠠᠴᠠ ᠡᠬᠢᠯᠡᠬᠦ ᠶᠣᠰᠣᠲᠠᠢ ᠶᠤᠮ᠃ ᠬᠠᠮᠢᠭ᠎ᠠ ᠪᠠᠶᠢᠭ᠎ᠠ ᠶᠤᠮ ᠂ ᠲᠡᠷᠡ ᠰᠢᠳᠤᠷᠭᠤ ᠶᠣᠰᠣ ᠴᠢᠨᠢ᠃ ᠬᠠᠤᠯᠢ ᠶᠣᠰᠣ ᠶᠢ ᠳᠡᠭᠡᠳᠦᠯᠡᠬᠦ ᠶᠣᠰᠣᠲᠠᠢ ᠭᠡᠰᠡᠨ ᠵᠠᠷᠴᠢᠮ ᠲᠠᠢ ᠶᠡᠬᠡ ᠬᠤᠷᠠᠯ ᠴᠢᠨᠢ ᠶᠠᠭᠠᠬᠢᠭᠠᠳ ᠡᠨᠡ ᠬᠦᠮᠦᠰ ᠢ ᠵᠢᠷᠤᠮ ᠤᠨ ᠬᠢᠨᠢ ᠳᠠᠭᠠᠤ ᠰᠢᠯᠭᠠᠭᠤᠯᠵᠤ ᠪᠣᠯᠳᠠᠭ ᠦᠭᠡᠢ ᠶᠤᠮ᠃
ᠰᠠᠩ ᠤᠨ ᠡᠷᠬᠢᠯᠡᠭᠴᠢ ᠵᠢᠷ ᠦᠨ ᠢᠷᠭᠡᠨ ᠥᠨᠥᠳᠥᠷ ᠴᠠᠭᠳᠠᠨ ᠬᠣᠷᠢᠭᠳᠠᠴᠢᠬᠠᠭᠰᠠᠨ ᠪᠠᠶᠢᠵᠤ ᠪᠠᠶᠢᠨ᠎ᠠ᠃ ᠰᠢᠢᠳᠪᠦᠷᠢ ᠭᠠᠷᠭᠠᠭᠰᠠᠨ ᠶᠡᠬᠡ ᠬᠤᠷᠠᠯ ᠤᠨ ᠭᠡᠰᠢᠭᠦᠨ ᠨᠢ ᠡᠨᠳᠡ ᠰᠠᠭᠤᠵᠤ ᠪᠠᠶᠢᠨ᠎ᠠ᠃ ᠡᠨᠡ ᠬᠦᠮᠦᠨ ᠦ ᠰᠢᠢᠳᠪᠦᠷᠢ ᠪᠡᠷ ᠡᠭᠦᠷᠭᠡ ᠭᠦᠢᠴᠡᠳᠭᠡᠭᠰᠡᠨ ᠬᠦᠮᠦᠰ ᠨᠢ ᠴᠠᠭᠳᠠᠨ ᠬᠣᠷᠢᠭᠳᠠᠭᠠᠳ ᠶᠠᠪᠤᠵᠤ ᠪᠠᠶᠢᠨ᠎ᠠ᠃ ᠡᠨᠡ ᠴᠢᠨᠢ ᠰᠢᠳᠤᠷᠭᠤ ᠶᠣᠰᠣ ᠶᠤᠮ ᠤᠤ᠃ ᠡᠨᠡ ᠰᠢᠳᠤᠷᠭᠤ ᠶᠣᠰᠣ ᠶᠢ ᠲᠣᠭᠲᠠᠭᠠᠬᠤ ᠶᠢᠨ ᠲᠥᠯᠥᠭᠡ ᠯᠠ ᠪᠢ ᠣᠷᠣᠭᠤᠯᠵᠤ ᠢᠷᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ