ᠵᠢᠭᠡᠯᠡᠵᠢᠬᠦ ᠵᠡᠷᠭᠡᠯᠡᠯ ᠢ B- ᠠᠴᠠB ᠪᠣᠯᠭᠠᠨ ᠥᠰᠬᠡᠵᠡᠢ | News.MN

ᠵᠢᠭᠡᠯᠡᠵᠢᠬᠦ ᠵᠡᠷᠭᠡᠯᠡᠯ ᠢ B- ᠠᠴᠠB ᠪᠣᠯᠭᠠᠨ ᠥᠰᠬᠡᠵᠡᠢ

ᠣᠯᠠᠨ ᠤᠯᠤᠰ ᠤᠨ ᠦᠨᠡᠯᠡᠭᠡᠨ ᠦ S&P ᠠᠭᠧᠨᠲᠯᠢᠭ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠤᠷᠲᠤ ᠬᠤᠭᠤᠴᠠᠭᠠᠨ ᠤ ᠵᠢᠭᠡᠯᠡᠵᠢᠬᠦ ᠵᠡᠷᠭᠡᠯᠡᠯ ᠢ B- ᠍ᠠᠴᠠ B ᠪᠣᠯᠭᠠᠨ ᠳᠡᠭᠡᠭᠰᠢᠯᠡᠭᠦᠯᠵᠦ᠂ ᠲᠥᠯᠥᠪ ᠢ ᠲᠣᠭᠲᠠᠪᠤᠷᠢᠲᠠᠢ ᠬᠡᠪ ᠢᠶᠡᠷ ᠬᠠᠳᠠᠭᠠᠯᠠᠭᠰᠠᠨ ᠪᠠᠶᠢᠨ᠎ᠠ᠃ ᠡᠨᠡ ᠲᠠᠯ᠎ᠠ ᠪᠠᠷ ᠥᠩᠭᠡᠷᠡᠭᠰᠡᠨ ᠪᠢᠮᠪᠠ ᠭᠠᠷᠠᠭ ᠲᠤ ᠤᠯᠠᠨ ᠤᠯᠤᠰ ᠤᠨ ᠬᠡᠪᠯᠡᠯ ᠮᠡᠳᠡᠭᠡᠯᠡᠯ ᠦᠨ ᠬᠡᠷᠡᠭᠰᠡᠯ ᠦᠳ ᠲᠦ ᠮᠡᠳᠡᠭᠡᠯᠡᠭᠰᠡᠨ ᠢ Xinhua ᠠᠭᠧᠨᠲᠯᠢᠭ ᠤᠯᠠᠮᠵᠢᠯᠠᠵᠠᠢ᠃ S&P ᠠᠭᠧᠨᠲᠯᠢᠭ ᠤᠨ ᠮᠡᠳᠡᠭᠳᠡᠯ ᠳᠦ  ᠳᠤᠷᠠᠳᠤᠭᠰᠠᠨ ᠢᠶᠠᠷ᠂ ᠮᠣᠩᠭᠣᠯ ᠤᠯᠤᠰ ᠤᠨ ᠵᠢᠭᠡᠯᠡᠵᠢᠬᠦ ᠵᠡᠷᠭᠡᠯᠡᠯ ᠢ ᠡᠶᠢᠨ ᠬᠦ ᠳᠡᠭᠡᠭᠰᠢᠯᠡᠭᠦᠯᠬᠦ ᠳᠦ ᠲᠦᠭᠦᠬᠡᠢ ᠡᠳ᠋᠍ ᠦᠨ ᠦᠨ᠎ᠡ ᠶᠢᠨ ᠥᠰᠦᠯᠲᠡ᠂ ᠲᠥᠰᠥᠪ ᠦᠨ ᠰᠠᠬᠢᠯᠭ᠎ᠠ ᠪᠠᠲᠤ᠂ ᠡᠳ᠋ ᠍ ᠦᠨ ᠵᠠᠰᠠᠭ ᠤᠨ ᠥᠰᠦᠯᠲᠡ ᠵᠡᠷᠭᠡ ᠡᠴᠡ ᠡᠭᠦᠳᠴᠦ ᠲᠥᠰᠥᠪ ᠦᠨ ᠦᠵᠡᠭᠦᠯᠦᠯᠲᠡ ᠨᠦᠭᠦᠳ ᠰᠠᠶᠢᠨ ᠪᠠᠶᠢᠭ᠎ᠠ ᠨᠢ ᠨᠥᠯᠦᠭᠡᠯᠡᠭᠰᠡᠨ ᠠᠵᠠᠢ ᠃
ᠣᠯᠠᠨ ᠤᠯᠤᠰ ᠤᠨ ᠰᠠᠩᠬᠦᠦ ᠶᠢᠨ ᠰᠤᠳᠤᠯᠭᠠᠨ ᠤ ᠲᠣᠮᠣᠬᠠᠨ ᠠᠭᠧᠨᠲᠯᠢᠭ ᠤᠳ ᠪᠣᠯᠬᠤ Fitch᠂ Moody’s ᠨᠢ ᠮᠣᠩᠭᠣᠯ ᠤᠯᠤᠰ ᠤᠨ ᠵᠢᠭᠡᠯᠡᠵᠢᠬᠦ ᠵᠡᠷᠭᠡᠯᠡᠯ ᠢ ᠣᠨ ᠤ ᠡᠬᠢᠨ ᠡᠴᠡ ︽ᠲᠣᠭᠲᠠᠪᠤᠷᠢᠲᠠᠢ︾ ᠪᠣᠯᠭᠠᠭᠰᠠᠨ ᠪᠢᠯᠡ᠃   ᠮᠣᠩᠭᠣᠯ ᠤᠯᠤᠰ ᠤᠨ ᠦᠨᠳᠦᠰᠦᠨ ᠦ ᠰᠲ᠋ᠠᠲ᠋ᠢᠰᠲ᠋ᠢᠺ ᠤᠨ ᠭᠠᠵᠠᠷ ᠠᠴᠠ 2018 ᠣᠨ ᠳᠤ ᠲᠤᠰ ᠤᠯᠤᠰ ᠤᠨ ᠳᠣᠲᠣᠭᠠᠳᠤ ᠶᠢᠨ ᠨᠡᠶᠢᠲᠡ ᠪᠦᠲᠦᠭᠡᠭᠳᠡᠬᠦᠨ ᠦ ᠥᠰᠦᠯᠲᠡ 1.2 ᠬᠤᠪᠢ ᠲᠠᠢ ᠪᠠᠶᠢᠭᠰᠠᠨ ᠪᠣᠯ 2018 ᠣᠨ ᠤ ᠡᠬᠢᠨ ᠦ ᠬᠠᠭᠠᠰ ᠲᠤ 6.3 ᠬᠤᠪᠢ᠂ ᠤᠯᠤᠰ ᠤᠨ ᠳᠤᠮᠳᠠᠴᠢ ᠠᠴᠠ 6.3 ᠬᠤᠪᠢ ᠪᠠᠷ ᠲᠤᠰ ᠲᠤᠰ ᠥᠰᠦᠭᠰᠡᠨ ᠭᠡᠵᠦ ᠮᠡᠳᠡᠭᠡᠯᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ