ᠺᠠᠮᠪᠤᠵᠠ ᠶᠢᠨ ᠬᠢᠨ ᠬᠠᠰ ᠪᠠᠩᠭᠢᠨ ᠳᠤ ᠵᠣᠴᠢᠯᠠᠵᠤ ᠲᠤᠷᠰᠢᠯᠭ᠎ᠠ ᠰᠤᠳᠤᠯᠤᠯ᠎ᠠ | News.MN

ᠺᠠᠮᠪᠤᠵᠠ ᠶᠢᠨ ᠬᠢᠨ ᠬᠠᠰ ᠪᠠᠩᠭᠢᠨ ᠳᠤ ᠵᠣᠴᠢᠯᠠᠵᠤ ᠲᠤᠷᠰᠢᠯᠭ᠎ᠠ ᠰᠤᠳᠤᠯᠤᠯ᠎ᠠ

2018 ᠣᠨ ᠤ 11 ᠳ᠋ᠤᠭᠡᠷ ᠰᠠᠷ᠎ᠠ ᠶᠢᠨ 8 ᠍ ᠤ ᠡᠳᠦᠷ ᠺᠠᠮᠪᠤᠵᠠ ᠶᠢᠨ ᠸᠠᠩᠲᠤ ᠤᠯᠤᠰ ᠤᠨ ᠪᠠᠩᠬᠢ ᠰᠠᠩᠬᠦᠦ ᠶᠢᠨ ᠪᠠᠶᠢᠭᠤᠯᠤᠯᠭ᠎ᠠ ᠶᠢᠨ ᠲᠥᠯᠥᠭᠡᠯᠡᠯ ᠬᠠᠰ ᠪᠠᠩᠬᠢ ᠳᠤ ᠵᠣᠴᠢᠯᠠᠨ᠂ ᠪᠠᠩᠬᠢᠨ ᠤ ᠬᠡᠷᠡᠭᠵᠢᠭᠦᠯᠵᠦ ᠪᠤᠢ ᠲᠣᠭᠲᠠᠪᠤᠷᠢᠲᠠᠢ ᠰᠠᠩᠬᠦᠦᠵᠢᠯᠲᠠ ᠶᠢᠨ ᠲᠣᠭᠲᠠᠯᠴᠠᠭ᠎ᠠ᠂ ᠨᠣᠭᠣᠭᠠᠨ ᠪᠢᠽᠢᠨᠧᠰ ᠢ ᠳᠡᠮᠵᠢᠬᠦ ᠦᠢᠯᠡ ᠠᠵᠢᠯᠯᠠᠭ᠎ᠠ ᠪᠣᠯᠤᠨ ᠨᠡᠶᠢᠭᠡᠮ ᠪᠠᠶᠢᠭᠠᠯᠢ ᠣᠷᠴᠢᠨ ᠤ ᠡᠷᠡᠰᠳᠡᠯ ᠢ ᠬᠡᠷᠬᠢᠨ ᠤᠳᠤᠷᠢᠳᠴᠤ ᠪᠤᠢ ᠪᠠᠶᠢᠳᠠᠯ᠂ ᠲᠡᠭᠦᠨᠴᠢᠯᠡᠨ ᠬᠠᠰ ᠪᠠᠩᠭᠢᠨ ᠤ ᠳᠡᠷᠭᠡᠳᠡᠬᠢ ᠲᠥᠷᠥ ᠶᠢᠨ ᠪᠤᠰᠤ ᠪᠠᠶᠢᠭᠤᠯᠤᠯᠭ᠎ᠠ ᠶᠢᠨ ᠦᠢᠯᠡ ᠠᠵᠢᠯᠯᠠᠭ᠎ᠠ ᠲᠠᠢ ᠲᠠᠨᠢᠯᠴᠠᠵᠤ᠂ ᠲᠤᠷᠰᠢᠯᠭ᠎ᠠ ᠰᠤᠳᠤᠯᠤᠯ᠎ᠠ᠃ ᠤᠭ ᠠᠭᠤᠯᠵᠠᠯᠲᠠ ᠳᠤ ᠬᠠᠰ ᠪᠠᠩᠬᠢᠨ ᠤ ᠭᠦᠢᠴᠡᠳᠭᠡᠬᠦ ᠵᠠᠬᠢᠷᠤᠯ ᠮ∙ᠪᠤᠯᠤᠳ᠂ ᠢᠷᠭᠡᠳ ᠦᠨ ᠪᠠᠩᠬᠢ ᠬᠠᠷᠢᠭᠤᠴᠠᠭᠰᠠᠨ ᠵᠠᠬᠢᠷᠤᠯ ᠭ∙ᠼᠡᠪᠡᠭᠵᠡᠪ ᠨᠠᠷ ᠣᠷᠣᠯᠴᠠᠭᠰᠠᠨ ᠪᠥᠭᠡᠳ ᠺᠠᠮᠪᠤᠵᠠ ᠶᠢᠨ ᠵᠣᠴᠢᠳ ᠲᠥᠯᠥᠭᠡᠯᠡᠭᠴᠢᠳ ᠬᠠᠰ ᠪᠠᠩᠭᠢᠨ ᠤ ᠬᠡᠷᠡᠭᠵᠢᠭᠦᠯᠵᠦ ᠪᠤᠢ ᠨᠡᠶᠢᠭᠡᠮ ᠪᠠᠶᠢᠭᠠᠯᠢ ᠣᠷᠴᠢᠨ ᠤ  ᠡᠷᠡᠰᠳᠡᠯ ᠦᠨ ᠤᠳᠤᠷᠢᠳᠤᠯᠭ᠎ᠠ ᠪᠣᠯᠤᠨ ᠲᠣᠭᠲᠠᠪᠤᠷᠢᠲᠠᠢ ᠰᠠᠩᠬᠦᠦᠵᠢᠯᠲᠠ ᠶᠢᠨ ᠬᠥᠲᠥᠯᠪᠦᠷᠢ ᠶᠢᠨ ᠦᠢᠯᠡ ᠠᠵᠢᠯᠯᠠᠭ᠎ᠠ ᠶᠢ ᠥᠨᠳᠥᠷ ᠢᠶᠡᠷ ᠦᠨᠡᠯᠡᠯ᠎ᠡ᠃

ᠰᠡᠳᠬᠢᠭᠳᠡᠯ ᠦᠯᠡᠳᠡᠭᠡᠬᠦ