ᠧᠦ᠋ᠷᠣᠫᠠ ᠶᠢᠨ ᠬᠤᠯᠪᠤᠭᠠᠨ ᠤ ᠲᠥᠯᠥᠭᠡᠯᠡᠭᠴᠢ ᠶᠢᠨ ᠭᠠᠵᠠᠷ ᠨᠡᠭᠡᠭᠡᠭᠳᠡᠯ᠎ᠡ | News.MN

ᠧᠦ᠋ᠷᠣᠫᠠ ᠶᠢᠨ ᠬᠤᠯᠪᠤᠭᠠᠨ ᠤ ᠲᠥᠯᠥᠭᠡᠯᠡᠭᠴᠢ ᠶᠢᠨ ᠭᠠᠵᠠᠷ ᠨᠡᠭᠡᠭᠡᠭᠳᠡᠯ᠎ᠡ

ᠥᠨᠥᠳᠥᠷ ᠧᠦ᠋ᠷᠣᠫᠠ ᠶᠢᠨ ᠬᠣᠯᠪᠣᠭᠠᠨ ᠠᠴᠠ ᠮᠣᠩᠭᠣᠯ ᠤᠯᠤᠰ ᠲᠤ ᠰᠠᠭᠤᠭ᠎ᠠ ᠲᠥᠯᠥᠭᠡᠯᠡᠭᠴᠢ ᠶᠢᠨ ᠭᠠᠵᠠᠷ ᠢ ᠠᠯᠪᠠᠨ ᠶᠣᠰᠣᠭᠠᠷ ᠨᠡᠭᠡᠭᠡᠵᠦ᠂ ᠲᠤᠤᠵᠠ ᠬᠠᠶᠢᠴᠢᠯᠠᠬᠤ ᠶᠣᠰᠣᠯᠠᠯ ᠤᠨ ᠠᠵᠢᠯᠯᠠᠭ᠎ᠠ ᠪᠣᠯᠤᠯ᠎ᠠ᠃ ᠧᠦ᠋ᠷᠣᠫᠠ ᠶᠢᠨ ᠬᠣᠯᠪᠣᠭᠠᠨ ᠠᠴᠠ ᠮᠣᠩᠭᠣᠯ ᠤᠯᠤᠰ ᠲᠤ ᠰᠠᠭᠤᠷᠢᠨ ᠲᠥᠯᠥᠭᠡᠯᠡᠭᠴᠢ ᠶᠢᠨ ᠭᠠᠵᠠᠷ ᠢᠶᠠᠨ ᠨᠡᠭᠡᠭᠡᠭᠰᠡᠨ ᠨᠢ ᠮᠣᠩᠭᠣᠯ ᠤᠯᠤᠰ ᠲᠠᠢ ᠬᠥᠭᠵᠢᠭᠦᠯᠵᠦ ᠪᠠᠶᠢᠭ᠎ᠠ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠳᠤ ᠪᠠᠨ ᠥᠨᠳᠥᠷ ᠠᠴᠢ ᠬᠣᠯᠪᠣᠭᠳᠠᠯ ᠥᠭᠴᠦ ᠪᠤᠢ ᠶᠢᠨ ᠢᠯᠡᠷᠡᠯ ᠪᠣᠯᠬᠤ ᠶᠢ ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠳ∙ᠳᠠᠸᠠᠰᠦ᠋ᠷᠦᠩ ᠣᠨᠴᠠᠯᠠᠨ ᠲᠡᠮᠳᠡᠭᠯᠡᠵᠦ᠂ ᠲᠠᠯᠠᠷᠬᠠᠯ  ᠢᠯᠡᠷᠬᠡᠶᠢᠯᠡᠪᠡ᠃
ᠧᠦ᠋ᠷᠣᠫᠠ ᠶᠢᠨ ᠺᠣᠮᠢᠰ ᠤᠨ ᠺᠣᠮᠢᠰᠰᠠᠷ ᠨ∙ᠮᠢᠮᠢᠴᠠ ᠧᠦ᠋ᠷᠣᠫᠠ ᠶᠢᠨ ᠬᠣᠯᠪᠣᠭ᠎ᠠ ᠮᠣᠩᠭᠣᠯ ᠤᠯᠤᠰ ᠲᠠᠢ ᠬᠥᠭᠵᠢᠭᠦᠯᠵᠦ ᠪᠤᠢ ᠬᠠᠷᠢᠯᠴᠠᠭ᠎ᠠ ᠪᠠᠨ ᠪᠡᠬᠢᠵᠢᠭᠦᠯᠦᠨ ᠰᠢᠨ᠎ᠡ ᠱᠠᠲᠤᠨ ᠳᠤ ᠭᠠᠷᠭᠠᠬᠤ ᠶᠢ ᠵᠣᠷᠢᠵᠤ᠂ ᠮᠣᠩᠭᠣᠯ ᠤᠯᠤᠰ᠂ ᠧᠦ᠋ᠷᠣᠫᠠ ᠶᠢᠨ ᠬᠣᠯᠪᠣᠭ᠎ᠠ ᠬᠣᠭᠣᠷᠣᠨᠳᠣ ᠪᠠᠶᠢᠭᠤᠯᠤᠭᠰᠠᠨ ᠲᠦᠩᠰᠢᠯᠡᠯ᠂ ᠬᠠᠮᠲᠤ ᠶᠢᠨ ᠠᠵᠢᠯᠯᠠᠭᠠᠨ ᠤ ᠬᠡᠯᠡᠯᠴᠡᠭᠡᠷ ᠢ ᠬᠡᠷᠡᠭᠵᠢᠭᠦᠯᠬᠦ᠂ ᠢᠷᠭᠡᠳ ᠬᠣᠭᠣᠷᠣᠨᠳᠣ ᠶᠢᠨ ᠬᠠᠷᠢᠯᠴᠠᠭ᠎ᠠ ᠶᠢ ᠳᠡᠮᠵᠢᠬᠦ ᠳᠦ ᠣᠨᠴᠠᠭᠠᠢ ᠠᠩᠬᠠᠷᠴᠤ ᠠᠵᠢᠯᠯᠠᠵᠤ ᠪᠤᠢ ᠪᠠᠨ ᠣᠨᠴᠠᠯᠠᠪᠠ᠃

ᠰᠡᠳᠬᠢᠭᠳᠡᠯ ᠦᠯᠡᠳᠡᠭᠡᠬᠦ