《ᠮᠢᠨᠦ ᠨᠤᠲᠤᠭ ᠤᠨ ᠪᠠᠷ᠎ᠠ 》 ᠶᠢ ᠳᠤᠷᠠᠰᠤᠯ᠎ᠠ | News.MN

《ᠮᠢᠨᠦ ᠨᠤᠲᠤᠭ ᠤᠨ ᠪᠠᠷ᠎ᠠ 》 ᠶᠢ ᠳᠤᠷᠠᠰᠤᠯ᠎ᠠ

ᠬᠥᠭᠵᠢᠮ ᠦᠨ ᠵᠣᠬᠢᠶᠠᠯᠴᠢ  ᠳᠠᠰᠢᠳᠠᠸᠠ  ᠶᠢᠨ ᠪᠠᠲᠤᠲᠡᠮᠦᠷ ᠦᠨ ᠵᠣᠬᠢᠶᠠᠭᠰᠠᠨ ︽ᠮᠢᠨᠦ ᠨᠤᠲᠤᠭ ᠤᠨ ᠪᠠᠷ᠎ᠠ 》ᠳᠠᠭᠤᠤ ᠶᠢᠨ 50 ᠵᠢᠯ ᠦᠨ ᠣᠢ ᠳᠤ ᠵᠣᠷᠢᠭᠤᠯᠤᠨ ᠳᠤᠮᠳᠠᠭᠤᠪᠢ ᠠᠶᠢᠮᠠᠭ ᠤᠨ  ᠳᠡᠯᠭᠡᠷᠴᠤᠭᠲᠤ ᠰᠤᠮᠤ ᠶᠢᠨ ᠰᠤᠶᠤᠯ ᠤᠨ ᠲᠥᠪ ᠡᠴᠡ ︽ᠬᠥᠭᠵᠢᠮ ᠦᠨ ᠵᠣᠬᠢᠶᠠᠯᠴᠢ ᠶᠢᠨ ᠳᠠᠭᠤᠤ ᠶᠢ ᠬᠡᠨ ᠰᠠᠶᠢᠨ ᠳᠠᠭᠤᠯᠠᠬᠤ ᠪᠤᠢ︖︾ ᠳᠠᠭᠤᠤ ᠶᠢᠨ ᠨᠠᠭᠠᠳᠤᠮ ᠢ 11 ᠳ᠋ᠤᠭᠡᠷ ᠰᠠᠷ᠎ᠠ ᠶᠢᠨ 10- 11 ᠍ ᠳᠦ ᠲᠦᠷᠦᠭᠰᠡᠨ ᠨᠤᠲᠤᠭ ᠲᠤ ᠨᠢ ᠵᠣᠬᠢᠶᠠᠨ ᠪᠠᠶᠢᠭᠤᠯᠵᠠᠢ᠃ ᠲᠡᠮᠡᠴᠡᠭᠡᠨ ᠳᠦ 15 ᠰᠤᠮᠤ ᠠᠴᠠ 54 ᠠᠷᠠᠳ ᠤᠨ ᠠᠪᠢᠶᠠᠰᠲᠠᠨ ᠣᠷᠣᠯᠴᠠᠵᠤ᠂ ᠥᠯᠵᠡᠶᠢᠲᠦ ᠰᠤᠮᠤ ᠶᠢᠨ ᠣᠷᠣᠯᠴᠠᠭᠴᠢ ᠳ∙ᠯᠾᠠᠭᠪᠠᠸ᠋ᠴᠢᠷ ᠲᠦᠷᠦᠭᠦᠯᠡᠵᠦ᠂  ᠯᠤᠤᠰ ᠰᠤᠮᠤ ᠶᠢᠨ ᠣᠷᠣᠯᠴᠠᠭᠴᠢ ᠡ᠊∙ᠤᠯᠠᠭᠠᠨᠬᠦᠦ᠂ ᠥᠯᠵᠡᠶᠢᠲᠦ ᠰᠤᠮᠤ ᠶᠢᠨ ᠣᠷᠣᠯᠴᠠᠭᠴᠢ ᠪ ∙ ᠵᠠᠮᠢᠶᠠᠨᠳᠤᠷᠵᠢ ᠨᠠᠷ ᠤᠳᠠᠭᠠᠯᠠᠭᠰᠠᠨ ᠪᠠᠶᠢᠨ᠎ᠠ᠃
《ᠮᠢᠨᠦ ᠨᠤᠲᠤᠭ ᠤᠨ ᠪᠠᠷ᠎ᠠ 》 ᠳᠠᠭᠤᠤ ᠶᠢ ᠮᠡᠳᠡᠬᠦ ᠦᠭᠡᠢ᠂ ᠳᠠᠭᠤᠯᠠᠳᠠᠭ ᠦᠭᠡᠢ ᠬᠦᠮᠦᠨ ᠴᠥᠭᠡᠨ ᠪᠠᠶᠢᠳᠠᠭ᠃ 2011 ᠣᠨ ᠳᠤ ᠲᠤᠰ ᠰᠤᠮᠤ ᠶᠢᠨ ᠠᠷᠠᠳ ᠲᠦᠮᠡᠨ ᠨᠤᠲᠤᠭ ᠠᠴᠠ ᠪᠠᠨ ᠲᠥᠷᠥᠨ ᠭᠠᠷᠤᠭᠰᠠᠨ ᠬᠥᠭᠵᠢᠮ ᠦᠨ ᠵᠣᠬᠢᠶᠠᠯᠴᠢ ᠶᠢᠨ ᠵᠣᠬᠢᠶᠠᠭᠰᠠᠨ ᠡᠨᠡ ᠠᠯᠳᠠᠷᠲᠠᠢ ᠳᠠᠭᠤᠤ ᠳᠤ ᠵᠣᠷᠢᠭᠤᠯᠤᠨ ᠬᠥᠰᠢᠶ᠎ᠡ ᠪᠣᠰᠬᠠᠵᠤ᠂ ︽ᠬᠥᠭᠵᠢᠮ ᠦᠨ ᠵᠣᠬᠢᠶᠠᠯᠴᠢ ᠶᠢᠨ ᠳᠠᠭᠤᠤ ᠶᠢ ᠬᠡᠨ ᠰᠠᠶᠢᠨ ᠳᠠᠭᠤᠯᠠᠬᠤ ᠪᠤᠢ︖︾ ᠲᠡᠮᠡᠴᠡᠭᠡᠨ ᠵᠣᠬᠢᠶᠠᠨ ᠪᠠᠶᠢᠭᠤᠯᠵᠤ ᠡᠬᠢᠯᠡᠭᠰᠡᠨ ᠪᠠᠶᠢᠨ᠎ᠠ ᠃

ᠰᠡᠳᠬᠢᠭᠳᠡᠯ ᠦᠯᠡᠳᠡᠭᠡᠬᠦ