ᠰᠢᠭᠦᠬᠦ ᠡᠴᠡ ᠤᠷᠭᠤᠭᠰᠠᠨ ᠼ∙ᠪᠠᠶᠠᠷ  ᠢ ᠪᠠᠷᠢᠪᠴᠢᠯᠠᠪᠠ | News.MN

ᠰᠢᠭᠦᠬᠦ ᠡᠴᠡ ᠤᠷᠭᠤᠭᠰᠠᠨ ᠼ∙ᠪᠠᠶᠠᠷ  ᠢ ᠪᠠᠷᠢᠪᠴᠢᠯᠠᠪᠠ

ᠴᠠᠭᠳᠠᠭ᠎ᠠ ᠶᠢᠨ ᠶᠡᠷᠦᠩᠬᠡᠢ ᠭᠠᠵᠠᠷ ᠤᠨ ᠬᠠᠷ᠎ᠠ ᠲᠠᠮᠠᠬᠢ ᠲᠠᠢ ᠲᠡᠮᠡᠴᠡᠬᠦ ᠬᠡᠯᠲᠡᠰ ᠦᠨ ᠠᠯᠪᠠ ᠬᠠᠭᠠᠭᠴᠢᠳ ᠬᠠᠷ᠎ᠠ ᠲᠠᠮᠠᠬᠢᠨ ᠤ ᠬᠡᠷᠡᠭ ᠲᠦ ᠬᠣᠯᠪᠣᠭᠳᠠᠨ ᠣᠷᠭᠣᠨ ᠵᠠᠶᠢᠯᠠᠭᠰᠠᠨ ᠼ∙ᠪᠠᠶᠠᠷ  ᠭᠡᠭᠴᠢ ᠡᠲᠡᠭᠡᠳ ᠢ ᠡᠨᠡ ᠰᠠᠷ᠎ᠠ ᠶᠢᠨ 7 ᠤ ᠡᠳᠦᠷ ᠪᠠᠷᠢᠪᠴᠢᠯᠠᠪᠠ᠃ ᠲᠣᠳᠣᠷᠠᠭᠤᠯᠪᠠᠯ᠂ ᠤᠭ ᠡᠲᠡᠭᠡᠳ ᠨᠢ ᠪᠤᠰᠤᠳ ᠲᠠᠢ ᠪᠦᠯᠦᠭᠯᠡᠨ ᠥᠩᠭᠡᠷᠡᠭᠴᠢ ᠣᠨ ᠤ 7 ᠳ᠋ᠤᠭᠠᠷ ᠰᠠᠷ᠎ᠠ ᠶᠢᠨ 29-30 ᠍ ᠳᠤ ᠰᠢᠯᠵᠢᠬᠦ ᠰᠥᠨᠢ ᠪᠠᠶᠠᠩᠭᠤᠤᠯ ᠳᠡᠭᠦᠷᠭᠡ ᠶᠢᠨ 2 ᠳ᠋ᠤᠭᠠᠷ ᠬᠣᠷᠢᠶᠠᠨ ᠤ ᠨᠤᠲᠤᠭ ᠳᠡᠪᠢᠰᠬᠡᠷ ᠲᠦ ᠪᠠᠶᠢᠷᠢᠯᠠᠬᠤ ᠵᠣᠴᠢᠳ ᠪᠠᠭᠤᠳᠠᠯ ᠳᠤ ᠮᠠᠩᠰᠢᠭᠤᠷᠠᠭᠤᠯᠬᠤ᠂ ᠰᠡᠳᠬᠢᠴᠡ ᠳᠦ  ᠨᠦᠯᠦᠭᠡᠯᠡᠬᠦ ᠮᠥᠰᠥ ︵ice︶ ᠭᠡᠬᠦ ᠪᠣᠳᠠᠰ ᠢ ᠬᠤᠳᠠᠯᠳᠤᠭᠠᠯᠠᠬᠤ ᠵᠣᠷᠢᠯᠭ᠎ᠠ ᠪᠠᠷ ᠬᠠᠤᠯᠢ ᠪᠤᠰᠤ ᠪᠠᠷ ᠬᠠᠳᠠᠭᠠᠯᠠᠬᠤ ᠭᠡᠮᠲᠦ ᠬᠡᠷᠡᠭ ᠦᠢᠯᠡᠳᠦᠭᠰᠡᠨ ᠪᠣᠯᠬᠤ ᠶᠢ ᠴᠠᠭᠳᠠᠭ᠎ᠠ ᠶᠢᠨ ᠪᠠᠶᠢᠭᠤᠯᠤᠯᠭ᠎ᠠ ᠢᠯᠡᠷᠡᠭᠦᠯᠦᠭᠰᠡᠨ ᠶᠤᠮ᠃ ᠲᠡᠷᠡᠪᠡᠷ ᠪᠠᠶᠠᠨᠵᠢᠷᠦᠬᠡ ᠳᠡᠭᠦᠷᠭᠡ ᠶᠢᠨ ᠡᠷᠡᠭᠦᠦ ᠶᠢᠨ ᠬᠡᠷᠡᠭ ᠦᠨ ᠠᠩᠬᠠᠨ ᠱᠠᠲᠤᠨ ᠤ ᠰᠢᠭᠦᠬᠦ ᠳᠦ ᠬᠡᠷᠡᠭ ᠬᠢᠨᠠᠨ ᠰᠢᠢᠳᠪᠦᠷᠢᠯᠡᠬᠦ ᠠᠵᠢᠯᠯᠠᠭᠠᠨ ᠤ ᠶᠠᠪᠤᠴᠠ ᠳᠤ  ᠤᠷᠭᠤᠭᠰᠠᠨ ᠪᠠᠶᠢᠳᠠᠭ ᠃

ᠰᠡᠳᠬᠢᠭᠳᠡᠯ ᠦᠯᠡᠳᠡᠭᠡᠬᠦ