ᠰᠢᠨ᠎ᠡ ᠨᠢᠰᠬᠦ ᠪᠠᠭᠤᠳᠠᠯ ᠤᠨ ᠺᠤᠨᠴᠸᠰᠰ ᠤᠨ ᠭᠡᠷ᠎ᠡ ᠶᠢ ᠬᠢᠭᠡ ᠦᠭᠡᠢ ᠪᠠᠶᠢᠨ᠎ᠠ | News.MN

ᠰᠢᠨ᠎ᠡ ᠨᠢᠰᠬᠦ ᠪᠠᠭᠤᠳᠠᠯ ᠤᠨ ᠺᠤᠨᠴᠸᠰᠰ ᠤᠨ ᠭᠡᠷ᠎ᠡ ᠶᠢ ᠬᠢᠭᠡ ᠦᠭᠡᠢ ᠪᠠᠶᠢᠨ᠎ᠠ

ᠬᠥᠰᠢᠭᠡ ᠶᠢᠨ ᠬᠥᠨᠳᠡᠢ ᠶᠢᠨ ᠣᠯᠠᠨ ᠤᠯᠤᠰ ᠤᠨ ᠨᠢᠰᠬᠦ ᠣᠩᠭᠣᠴᠠᠨ ᠤ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠥᠨᠥᠳᠥᠷ ᠦᠨ ᠪᠠᠶᠢᠳᠠᠯ ᠢᠶᠠᠷ 98 ᠬᠤᠪᠢ ᠲᠠᠢ᠂ ᠨᠢᠰᠬᠦ ᠪᠠᠭᠤᠳᠠᠯ ᠬᠦᠷᠬᠦ ᠬᠤᠷᠳᠤᠨ ᠤ ᠵᠠᠮ ᠠᠰᠢᠭᠯᠠᠯᠲᠠ ᠳᠤ ᠣᠷᠣᠬᠤ ᠳᠤ ᠪᠡᠯᠡᠨ᠂ ᠲᠡᠮᠳᠡᠭ ᠲᠡᠮᠳᠡᠭᠯᠡᠭᠡ᠂  ᠭᠡᠷᠡᠯᠲᠦᠭᠦᠯᠭᠡ ᠶᠢᠨ ᠠᠵᠢᠯ ᠦᠯᠡᠳᠡᠭᠡᠳ ᠪᠠᠶᠢᠭ᠎ᠠ ᠶᠢ ᠭᠦᠢᠴᠡᠳᠭᠡᠭᠴᠢ ᠪᠠᠶᠢᠭᠤᠯᠤᠯᠭ᠎ᠠ ᠨᠤᠭᠤᠳ ᠤᠨ ᠲᠥᠯᠦᠭᠡᠯᠡᠯ ᠬᠡᠯᠡᠵᠦ ᠪᠠᠶᠢᠨ᠎ᠠ᠃ ᠰᠢᠨ᠎ᠡ ᠨᠢᠰᠬᠦ ᠪᠠᠭᠤᠳᠠᠯ ᠢ ᠪᠦᠲᠦᠭᠡᠨ ᠪᠠᠶᠢᠭᠤᠯᠤᠯᠲᠠ ᠲᠠᠯ᠎ᠠ ᠠᠴᠠ ᠪᠠᠨ ᠠᠰᠢᠭᠯᠠᠯᠲᠨ ᠳᠤ ᠣᠷᠣᠭᠤᠯᠬᠤ ᠳᠤ ᠡᠶᠢᠨ ᠬᠦ ᠪᠡᠯᠡᠨ ᠪᠠᠶᠢᠭ᠎ᠠ ᠬᠡᠳᠦᠢ ᠴᠤ ᠨᠡᠮᠡᠯᠲᠡ ᠭᠡᠷ᠎ᠡ ᠪᠡᠷ ᠵᠠᠷᠢᠮ ᠠᠵᠢᠯ ᠢ ᠰᠢᠨ᠎ᠡ ᠪᠡᠷ ᠬᠢᠬᠦ ᠪᠡᠷ ᠪᠣᠯᠤᠭᠰᠠᠨ᠂ ᠮᠥᠨ ᠶᠠᠫᠣᠨ ᠤᠯᠤᠰ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠳᠡᠭᠡᠷ᠎ᠡ ᠺᠤᠨᠴᠸᠰᠰ  ᠤᠨ ᠭᠡᠷ᠎ᠡ ᠶᠢᠨ ᠬᠤᠭᠤᠴᠠᠭ᠎ᠠ ᠶᠢ ᠲᠣᠬᠢᠷᠠᠯᠴᠠᠨ ᠡᠴᠦᠰᠯᠡᠬᠦ ᠭᠡᠰᠡᠨ ᠰᠢᠯᠲᠠᠭᠠᠨ ᠨᠤᠭᠤᠳ ᠢᠶᠠᠷ ᠪᠠᠭᠤᠳᠠᠯ ᠢ ᠬᠦᠯᠢᠶᠡᠨ ᠠᠪᠬᠤ ᠠᠵᠢᠯ ᠬᠣᠶᠢᠰᠢᠯᠠᠭᠳᠠᠭᠠᠳ ᠪᠠᠶᠢᠭ᠎ᠠ ᠶᠢ ᠠᠯᠪᠠᠨ ᠤ ᠬᠢᠨ ᠬᠡᠯᠡᠵᠦ ᠪᠠᠶᠢᠨ᠎ᠠ᠃
ᠨᠢᠰᠬᠦ ᠪᠠᠭᠤᠳᠠᠯ  ᠤᠨ ᠤᠳᠤᠷᠢᠳᠬᠤ ᠭᠠᠵᠠᠷ ᠤᠨ ᠳᠡᠳ᠋ ᠳᠠᠷᠤᠭ᠎ᠠ ᠰ∙ᠮᠦᠩᠬᠡᠨᠠᠰᠤᠨ ᠤ  ᠬᠡᠯᠡᠵᠦ ᠪᠤᠢ ᠪᠠᠷ ᠬᠣᠶᠠᠷ ᠲᠠᠯ᠎ᠠ ᠶᠢᠨ ᠬᠡᠯᠡᠯᠴᠡᠭᠡᠷ ᠺᠤᠨᠴᠸᠰᠰ  ᠤᠨ ᠰᠠᠨᠠᠯ ᠢ ᠡᠴᠦᠰᠯᠡᠨ ᠲᠤᠬᠢᠷᠠᠭ᠎ᠠ ᠦᠭᠡᠢ ᠂ ᠰᠠᠩᠬᠦᠦ ᠪᠣᠯᠤᠨ ᠲᠧᠭᠨᠢᠭ ᠦᠨ ᠰᠠᠨᠠᠯ ᠢ ᠬᠦᠯᠢᠶᠡᠨ ᠠᠪᠤᠭᠰᠠᠨ ᠪᠠᠶᠢᠳᠠᠯ ᠢᠶᠠᠷ ᠶᠠᠪᠤᠵᠤ ᠪᠠᠶᠢᠨ᠎ᠠ ᠭᠡᠪᠡ᠃ ᠰᠢᠨ᠎ᠡ ᠨᠢᠰᠬᠦ ᠪᠠᠭᠤᠳᠠᠯ ᠤᠨ ᠬᠠᠮᠲᠤ ᠶᠢᠨ ᠠᠵᠢᠯᠯᠠᠭᠠᠨ ᠪᠣᠯᠤᠨ ᠺᠤᠨᠴᠸᠰᠰ  ᠤᠨ  ᠭᠡᠷ᠎ᠡ ᠳᠦ ᠣᠳᠣ ᠶᠢᠨ ᠪᠠᠶᠢᠳᠠᠯ ᠢᠶᠠᠷ ᠨᠢᠰᠬᠦ ᠪᠠᠭᠤᠳᠠᠯ ᠢ ᠶᠠᠫᠣᠨ ᠤ ᠲᠠᠯ᠎ᠠ 51᠂ ᠮᠣᠩᠭᠣᠯ ᠤᠨ ᠲᠠᠯ᠎ᠠ 49  ᠬᠤᠪᠢ ᠶᠢ ᠡᠵᠡᠮᠰᠢᠨ᠎ᠡ ᠭᠡᠵᠦ ᠵᠢᠭᠠᠭᠠᠳ ᠪᠠᠶᠢᠭ᠎ᠠ ᠶᠤᠮ᠃ ᠮᠥᠨ ᠨᠢᠰᠬᠦ ᠪᠠᠭᠤᠳᠠᠯ ᠤᠨ ᠠᠰᠢᠭᠯᠠᠯᠲᠠ ᠶᠢᠨ ᠲᠠᠯ᠎ᠠ ᠳᠡᠭᠡᠷ᠎ᠡ ᠶᠠᠫᠣᠨ ᠤ ᠲᠠᠯ᠎ᠠ 30 ᠵᠢᠯ ᠭᠡᠰᠡᠨ ᠬᠤᠭᠤᠴᠠᠭ᠎ᠠ ᠵᠢᠭᠠᠭᠠᠳ ᠪᠠᠶᠢᠭ᠎ᠠ ᠪᠣᠯ ᠮᠠᠨ ᠤ ᠲᠠᠯ᠎ᠠ ᠠᠴᠠ 15 ᠵᠢᠯ ᠭᠡᠰᠡᠨ ᠰᠠᠨᠠᠯ ᠢᠶᠠᠨ ᠢᠯᠡᠷᠬᠡᠶᠢᠯᠡᠭᠡᠳ ᠪᠠᠶᠢᠭ᠎ᠠ ᠶᠢ ᠬᠡᠯᠡᠵᠦ ᠪᠠᠶᠢᠨ᠎ᠠ᠃  ᠮᠥᠨ ᠪᠦᠲᠦᠭᠡᠨ ᠪᠠᠶᠢᠭᠤᠯᠤᠯᠲᠠ ᠶᠢᠨ ᠲᠠᠯ᠎ᠠ ᠳᠡᠭᠡᠷ᠎ᠡ ᠦᠨᠳᠦᠰᠦᠨ  ᠭᠡᠷ᠎ᠡ ᠳᠦ ᠵᠢᠭᠠᠭᠰᠠᠨ ᠠᠵᠢᠯ ᠤᠳ ᠢ ᠪᠦᠷᠢᠨ ᠭᠦᠢᠴᠡᠳᠭᠡᠭᠰᠡᠨ ᠪᠣᠯᠪᠠᠴᠤ ᠨᠡᠮᠡᠯᠲᠡ ᠭᠡᠷ᠎ᠡ ᠪᠡᠷ ᠵᠠᠷᠢᠮ ᠠᠵᠢᠯ ᠢ ᠰᠢᠨ᠎ᠡ ᠪᠡᠷ ᠬᠢᠬᠦ ᠪᠡᠷ ᠪᠣᠯᠤᠭᠰᠠᠨ  ᠲᠤᠯᠠ ᠰᠢᠨ᠎ᠡ ᠨᠢᠰᠬᠦ ᠪᠠᠭᠤᠳᠠᠯ ᠢ ᠠᠰᠢᠭᠯᠠᠬᠤ ᠠᠵᠢᠯ ᠢᠷᠡᠬᠦ ᠣᠨ ᠤ ᠲᠠᠪᠤᠳᠤᠭᠠᠷ ᠰᠠᠷ᠎ᠠ ᠬᠦᠷᠲᠡᠯ᠎ᠡ ᠬᠦᠯᠢᠶᠡᠭᠳᠡᠬᠦ ᠲᠥᠯᠥᠪ ᠲᠡᠢ ᠪᠠᠶᠢᠭ᠎ᠠ ᠶᠢ ᠠᠯᠪᠠᠨ ᠤ ᠬᠢᠨ ᠰᠡᠳᠬᠦᠯᠴᠢᠳ ᠲᠦ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ