ᠬᠠᠲᠤᠨ ᠬᠠᠭᠠᠨ ᠳᠤ ᠢᠲᠡᠭᠡᠮᠵᠢᠯᠡᠬᠦ ᠵᠢᠭᠤᠬᠤ ᠪᠢᠴᠢᠭ ᠪᠡᠨ ᠡᠷᠭᠦᠨ ᠪᠠᠷᠢᠪᠠ | News.MN

ᠬᠠᠲᠤᠨ ᠬᠠᠭᠠᠨ ᠳᠤ ᠢᠲᠡᠭᠡᠮᠵᠢᠯᠡᠬᠦ ᠵᠢᠭᠤᠬᠤ ᠪᠢᠴᠢᠭ ᠪᠡᠨ ᠡᠷᠭᠦᠨ ᠪᠠᠷᠢᠪᠠ

ᠮᠣᠩᠭᠣᠯ ᠤᠯᠤᠰ ᠠᠴᠠ ᠶᠡᠬᠡ ᠪᠷᠢᠲ᠋ᠠᠨ ᠤᠮᠠᠷᠠᠳᠤ ᠠᠶᠢᠷᠯᠠᠨᠳ᠋᠍ ᠤᠨ ᠨᠢᠭᠡᠳᠦᠭᠰᠡᠨ ᠬᠠᠭᠠᠨᠲᠤ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠨ∙ᠲᠤᠯᠭ᠎ᠠ 2018 ᠣᠨ ᠤ ᠠᠷᠪᠠᠨ ᠨᠢᠭᠡᠳᠦᠭᠡᠷ ᠰᠠᠷ᠎ᠠ ᠶᠢᠨ 14 ᠍ ᠦ ᠡᠳᠦᠷ  ᠪᠤᠺᠢᠩᠭ᠍ᠸᠮ  ᠤᠨ ᠣᠷᠳᠣᠨ ᠳᠤ ᠶᠡᠬᠡ ᠪᠷᠢᠲ᠋ᠠᠨ ᠤᠮᠠᠷᠠᠳᠤ ᠠᠶᠢᠷᠯᠠᠨᠳ᠋᠍ ᠍ ᠤᠨ ᠨᠢᠭᠡᠳᠦᠭᠰᠡᠨ ᠬᠠᠭᠠᠨᠲᠤ ᠤᠯᠤᠰ ᠪᠣᠯᠤᠨ ᠪᠤᠰᠤᠳ ᠡᠵᠡᠮᠰᠢᠯ ᠭᠠᠵᠠᠷ ᠨᠤᠲᠤᠭ ᠤᠨ ᠬᠠᠲᠤᠨ ᠬᠠᠭᠠᠨ᠂ ᠬᠠᠮᠲᠤ ᠶᠢᠨ ᠨᠥᠬᠥᠷᠯᠡᠯ ᠦᠨ ᠲᠡᠷᠢᠭᠦᠨ᠂ ᠴᠣᠭ ᠵᠢᠪᠬᠤᠯᠠᠩᠲᠤ ᠬᠣᠶᠠᠳᠤᠭᠠᠷ ᠡᠯᠢᠽᠠᠪᠸᠲ ᠲᠤ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ᠃
ᠡᠯᠴᠢᠨ ᠰᠠᠶᠢᠳ ᠨ∙ᠲᠤᠯᠭ᠎ᠠ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠶᠢᠨ ᠮᠡᠨᠳᠦᠴᠢᠯᠡᠭᠡ ᠶᠢ ᠴᠣᠭ ᠵᠢᠪᠬᠤᠯᠠᠩᠲᠤ ᠬᠣᠶᠠᠳᠤᠭᠠᠷ ᠬᠠᠲᠤᠨ ᠬᠠᠭᠠᠨ ᠳᠤ ᠤᠯᠠᠮᠵᠢᠯᠠᠵᠤ᠂ ᠮᠣᠩᠭᠣᠯ ᠤᠯᠤᠰ᠂ ᠶᠡᠬᠡ ᠪᠷᠢᠲ᠋ᠠᠨ ᠤᠮᠠᠷᠠᠳᠤ ᠠᠶᠢᠷᠯᠠᠨᠳ᠋᠍ ᠤᠨ ᠨᠢᠭᠡᠳᠦᠭᠰᠡᠨ ᠬᠠᠭᠠᠨᠲᠤ ᠤᠯᠤᠰ  ᠬᠣᠭᠣᠷᠣᠨᠳᠣ ᠶᠢᠨ ᠨᠠᠶᠢᠷᠰᠠᠭ ᠬᠠᠷᠢᠯᠴᠠᠭ᠎ᠠ ᠶᠢ ᠤᠯᠠᠮ ᠪᠡᠬᠢᠵᠢᠭᠦᠯᠦᠨ ᠬᠥᠭᠵᠢᠭᠦᠯᠬᠦ ᠶᠢᠨ ᠲᠥᠯᠥᠭᠡ ᠠᠵᠢᠯᠯᠠᠬᠤ ᠪᠠᠨ ᠢᠯᠡᠷᠬᠡᠶᠢᠯᠡᠪᠡ᠃ ᠴᠣᠭ ᠵᠢᠪᠬᠤᠯᠠᠩᠲᠤ ᠬᠠᠲᠤᠨ ᠬᠠᠭᠠᠨ ᠡᠯᠴᠢᠨ ᠰᠠᠶᠢᠳ ᠤᠨ ᠢᠲᠡᠭᠡᠮᠵᠢᠯᠡᠬᠦ ᠵᠢᠭᠤᠬᠤ ᠪᠢᠴᠢᠭ ᠢ ᠨᠢ ᠬᠦᠯᠢᠶᠡᠨ ᠠᠪᠴᠤ᠂ ᠡᠨᠡᠬᠦ ᠠᠯᠪᠠᠨ ᠲᠤᠰᠢᠶᠠᠯ ᠳᠤ ᠳᠠᠬᠢᠨ ᠲᠣᠮᠢᠯᠠᠭᠳᠠᠭᠰᠠᠨ ᠳᠤ ᠨᠢ ᠪᠠᠶᠠᠷ ᠬᠦᠷᠭᠡᠵᠦ᠂ ᠬᠣᠶᠠᠷ ᠤᠯᠤᠰ ᠤᠨ ᠬᠠᠮᠲᠤ ᠶᠢᠨ ᠠᠵᠢᠯᠯᠠᠭ᠎ᠠ ᠥᠷᠭᠡᠵᠢᠨ ᠬᠥᠭᠵᠢᠵᠦ ᠪᠠᠶᠢᠭ᠎ᠠ ᠳᠤ ᠰᠡᠳᠬᠢᠯ ᠬᠠᠨᠤᠮᠵᠢᠲᠠᠢ ᠪᠠᠶᠢᠭ᠎ᠠ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ