ᠠᠯᠲᠠᠨ ᠭᠡᠷᠡᠭᠡ ᠪᠦᠬᠦᠢ ᠭᠡᠷᠡᠯᠲᠦ ᠬᠥᠰᠢᠶ᠎ᠡ ᠶᠢ ᠪᠣᠰᠬᠠᠯ᠎ᠠ | News.MN

ᠠᠯᠲᠠᠨ ᠭᠡᠷᠡᠭᠡ ᠪᠦᠬᠦᠢ ᠭᠡᠷᠡᠯᠲᠦ ᠬᠥᠰᠢᠶ᠎ᠡ ᠶᠢ ᠪᠣᠰᠬᠠᠯ᠎ᠠ

2015 ᠣᠨ  ᠳᠦ ᠪᠤᠷᠬᠠᠨ ᠬᠠᠯᠳᠤᠨ ᠠᠭᠤᠯᠠ ᠶᠢ ᠳᠡᠯᠡᠬᠡᠢ ᠶᠢᠨ ᠥᠪ ᠲᠦ ᠪᠦᠷᠢᠳᠬᠡᠭᠰᠡᠨ ᠪᠢᠯᠡ᠃ ᠡᠨᠡ ᠨᠢ ᠴᠢᠩᠭᠢᠰ ᠬᠠᠭᠠᠨ ᠤ ᠨᠠᠮᠲᠠᠷ ᠲᠡᠦᠬᠡ ᠲᠡᠢ ᠬᠣᠯᠪᠣᠭ᠎ᠠ ᠲᠠᠢ ᠥᠪ ᠢ ᠰᠤᠳᠤᠯᠵᠤ ᠲᠣᠭᠲᠠᠭᠠᠬᠤ᠂ ᠬᠠᠳᠠᠭᠠᠯᠠᠵᠤ ᠬᠠᠮᠠᠭᠠᠯᠠᠬᠤ᠂ ᠳᠡᠯᠡᠬᠡᠢ ᠳ᠋ᠠᠬᠢᠨ᠎ᠠ ᠰᠤᠷᠲᠠᠯᠴᠢᠯᠠᠨ ᠠᠯᠳᠠᠷᠰᠢᠭᠤᠯᠬᠤ ᠳᠤ ᠦᠨᠡᠲᠡᠢ ᠬᠤᠪᠢ ᠨᠡᠮᠡᠷᠢ ᠪᠣᠯᠤᠭᠰᠠᠨ ᠶᠤᠮ᠃ 1995 ᠣᠨ ᠠᠴᠠ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠵᠠᠷᠯᠢᠭ ᠢᠶᠠᠷ ᠪᠤᠷᠬᠠᠨ ᠬᠠᠯᠳᠤᠨ ᠠᠭᠤᠯᠠ ᠶᠢ ᠲᠥᠷᠥ ᠶᠢᠨ ᠲᠠᠬᠢᠯᠭᠠᠲᠤ ᠠᠭᠤᠯᠠ ᠪᠣᠯᠭᠠᠭᠰᠠᠨ ᠪᠥᠭᠡᠳ 2013 ᠣᠨ ᠳᠤ ᠵᠠᠰᠠᠭ ᠤᠨ ᠭᠠᠵᠠᠷ ᠤᠨ ᠲᠣᠭᠲᠠᠭᠠᠯ ᠢᠶᠠᠷ ᠪᠤᠷᠬᠠᠨ ᠬᠠᠯᠳᠤᠨ ᠢ ᠦᠨᠳᠦᠰᠦᠨ ᠦ  ᠪᠠᠬᠠᠷᠬᠠᠯᠲᠤ ᠬᠠᠶᠢᠷᠬᠠᠨ ᠢᠶᠠᠷ ᠡᠷᠭᠦᠮᠵᠢᠯᠡᠭᠰᠡᠨ ᠪᠠᠶᠢᠳᠠᠭ᠃
ᠡᠨᠡ ᠤᠳᠠᠭ᠎ᠠ ᠳᠤ  ᠪᠦᠭᠦᠳᠡ ᠨᠠᠶᠢᠷᠠᠮᠳᠠᠬᠤ ᠰᠤᠯᠤᠩᠭᠤᠰ ᠤᠯᠤᠰ᠍ ᠤᠨ ᠦᠨᠳᠦᠰᠦᠨ ᠦ ᠫᠠᠷᠺ ᠤᠨ ᠵᠠᠬᠢᠷᠭ᠎ᠠ᠂ ᠮᠣᠩᠭᠣᠯ ᠤᠯᠤᠰ ᠤᠨ ᠪᠠᠶᠢᠭᠠᠯᠢ ᠣᠷᠴᠢᠨ ᠤ  ᠶᠠᠮᠤᠨ ᠬᠣᠭᠣᠷᠣᠨᠳᠣ ᠶᠢᠨ ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠪᠤᠷᠬᠠᠨ ᠬᠠᠯᠳᠤᠨ ᠬᠠᠶᠢᠷᠬᠠᠨ ᠤ ᠭᠡᠷᠡᠯᠲᠦ ᠬᠥᠰᠢᠶ᠎ᠡ ᠶᠢ  ᠪᠤᠰᠬᠠᠯ᠎ᠠ ᠃ ᠲᠥᠪ ᠠᠶᠢᠮᠠᠭ ᠤᠨ  ᠮᠦᠩᠭᠦᠨ ᠮᠤᠷᠢᠲᠤ ᠰᠤᠮᠤ ᠶᠢᠨ ᠨᠤᠲᠤᠭ  ᠬᠡᠷᠦᠯᠦᠨ ᠦ ᠳᠡᠭᠡᠳᠦ ᠴᠠᠭᠠᠨ ᠠᠷᠠᠯ ᠳᠤ ᠪᠠᠶᠢᠷᠢᠯᠠᠵᠤ ᠪᠤᠢ ᠪᠤᠷᠬᠠᠨ ᠬᠠᠯᠳᠤᠨ ᠬᠠᠶᠢᠷᠬᠠᠨ ᠤ ᠭᠡᠷᠡᠯᠲᠦ ᠬᠥᠰᠢᠶ᠎ᠡ ᠨᠢ 4 M ᠥᠨᠳᠥᠷ᠂ 1.6 M ᠥᠷᠭᠡᠨ ᠲᠡᠢ ᠶᠤᠮ᠃ ᠴᠢᠩᠭᠢᠰ ᠬᠠᠭᠠᠨ ᠡᠷᠲᠡ ᠳᠡᠭᠡᠷ᠎ᠡ ᠦᠶᠡᠰ ᠪᠤᠷᠬᠠᠨ ᠬᠠᠯᠳᠤᠨ ᠠᠭᠤᠯᠠᠨ ᠳᠤ ᠭᠠᠷᠬᠤ ᠦᠭᠡᠢ ᠪᠡᠷ ᠬᠥᠰᠢᠶ᠎ᠡ ᠶᠢ ᠪᠣᠰᠬᠠᠭᠰᠠᠨ  ᠬᠡᠷᠦᠯᠦᠨ ᠦ ᠳᠡᠭᠡᠳᠦ ᠴᠠᠭᠠᠨ ᠠᠷᠠᠯ ᠳᠤ ᠠᠯᠤᠰ ᠠᠴᠠ ᠲᠠᠬᠢᠨ ᠰᠢᠲᠦᠵᠦ ᠬᠠᠶᠢᠷᠬᠠᠨ ᠤ ᠣᠩᠭᠣᠨ ᠳᠠᠭᠰᠢᠨ ᠪᠠᠶᠢᠳᠠᠯ ᠢ ᠬᠠᠳᠠᠭᠠᠯᠠᠨ ᠬᠠᠮᠠᠭᠠᠯᠠᠵᠤ ᠢᠷᠡᠭᠰᠡᠨ ᠲᠡᠦᠬᠡ ᠲᠡᠢ ᠶᠤᠮ᠃ ᠲᠡᠶᠢᠮᠦ ᠡᠴᠡ ᠠᠷᠠᠳ ᠢᠷᠭᠡᠳ᠂ ᠲᠠᠬᠢᠨ ᠰᠢᠲᠦᠭᠴᠢᠳ ᠢ ᠬᠠᠶᠢᠷᠬᠠᠨ ᠠᠴᠠ 40 ᠺᠢᠯᠣᠮᠧᠲ᠋ᠷ ᠵᠠᠢ ᠳᠤ ᠪᠠᠶᠢᠷᠢᠯᠠᠬᠤ ᠡᠨᠡ ᠭᠠᠵᠠᠷ ᠠᠴᠠ ᠡᠷᠭᠦᠯ ᠪᠠᠷᠢᠴᠠ᠂ ᠵᠠᠩ ᠦᠢᠯᠡ ᠪᠡᠨ ᠬᠢᠵᠦ ᠳᠡᠯᠡᠬᠡᠢ ᠶᠢᠨ ᠥᠪ ᠢ ᠬᠠᠳᠠᠭᠠᠯᠠᠨ ᠬᠠᠮᠠᠭᠠᠯᠠᠬᠤ ᠶᠢ ᠤᠷᠢᠶᠠᠯᠠᠵᠤ ᠪᠠᠶᠢᠭᠰᠠᠨ ᠶᠤᠮ᠃

ᠰᠡᠳᠬᠢᠭᠳᠡᠯ ᠦᠯᠡᠳᠡᠭᠡᠬᠦ