ᠤᠯᠤᠰ ᠤᠨ ᠶᠡᠬᠡ ᠬᠤᠷᠠᠯ ᠤᠨ ᠴᠢᠭᠤᠯᠭᠠᠨ ᠤ ᠬᠤᠷᠠᠯᠳᠤᠭᠠᠨ ᠡᠬᠢᠯᠡᠯ᠎ᠡ᠃ ᠬᠤᠷᠠᠯᠳᠤᠭᠠᠨ ᠢᠷᠡᠴᠡ ᠪᠥᠷᠢᠳᠬᠦ ᠦᠭᠡᠢ ᠪᠠᠶᠢᠭᠰᠠᠨ ᠤ ᠤᠯᠠᠮ ᠠᠴᠠ 12.19 ᠴᠠᠭ ᠲᠤ 39 ᠭᠡᠰᠢᠭᠦᠨ ᠦ ᠢᠷᠡᠴᠡ ᠲᠡᠢ ᠪᠡᠷ ᠡᠬᠢᠯᠡᠪᠡ᠃ ᠭᠡᠪᠡᠴᠦ ᠶᠡᠷᠦᠩᠬᠡᠢ ᠰᠠᠶᠢᠳ ᠤ᠊ ∙ᠬᠦᠷᠡᠯᠰᠦ᠋ᠬᠡ᠂ ᠰᠠᠩ ᠤᠨ ᠰᠠᠶᠢᠳ ᠴ ∙ ᠬᠦᠷᠡᠯᠪᠠᠭᠠᠲᠤᠷ ᠪᠣᠯᠤᠨ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠴᠢᠭᠤᠯᠭᠠᠨ ᠤ ᠬᠤᠷᠠᠯᠳᠤᠭᠠᠨ ᠳᠤ ᠰᠠᠭᠤᠬᠤ ᠦᠭᠡᠢ ᠪᠠᠶᠢᠨ᠎ᠠ᠃ ᠡᠶᠢᠮᠦ ᠳᠦ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ ∙ᠡᠩᠬᠡᠪᠣᠯᠤᠳ ᠰᠠᠶᠢᠳ ᠨᠠᠷ ᠨᠢ ᠬᠤᠷᠠᠯᠳᠤᠭᠠᠨ ᠳᠤ ᠰᠠᠭᠤᠬᠤ ᠦᠭᠡᠢ ᠪᠠᠶᠢᠭ᠎ᠠ ᠤᠴᠢᠷ ᠠᠴᠠ ᠣᠷᠣᠵᠤ ᠢᠷᠡᠵᠦ ᠲᠣᠭᠲᠠᠭᠠᠯ ᠤᠨ ᠲᠥᠰᠥᠯ ᠢᠶᠡᠨ ᠲᠠᠨᠢᠯᠴᠠᠭᠤᠯᠬᠤ ᠦᠭᠡᠢ ᠭᠡᠵᠦ ᠮᠡᠳᠡᠭᠳᠡᠭᠰᠡᠨ ᠪᠠᠶᠢᠨ᠎ᠠ᠃
ᠤᠯᠤᠰ ᠤᠨ ᠶᠡᠬᠡ ᠬᠤᠷᠠᠯ ᠤᠨ ᠳᠠᠷᠤᠭ᠎ᠠ ᠮ ∙ ᠡᠩᠬᠡᠪᠣᠯᠤᠳ ᠄ ᠶᠡᠷᠦᠩᠬᠡᠢ ᠰᠠᠶᠢᠳ᠂ ᠰᠠᠩ ᠤᠨ ᠰᠠᠶᠢᠳ᠂ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠴᠢᠭᠤᠯᠭᠠᠨ ᠤ ᠬᠤᠷᠠᠯᠳᠤᠭᠠᠨ ᠳᠤ ᠰᠠᠭᠤᠬᠤ ᠶᠢ ᠠᠩᠬᠠᠷᠤᠭᠤᠯᠵᠤ ᠪᠠᠶᠢᠨ᠎ᠠ᠃ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠨᠢ ᠲᠣᠭᠲᠠᠭᠠᠯ ᠤᠨ ᠲᠥᠰᠥᠯ ᠢᠶᠡᠨ ᠲᠠᠨᠢᠯᠴᠠᠭᠤᠯᠳᠠᠭ ᠦᠭᠡᠢ ᠂ ᠰᠠᠶᠢᠳ ᠨᠢ ᠬᠤᠷᠠᠯ ᠳᠤ ᠪᠠᠨ ᠰᠠᠭᠤᠳᠠᠭ ᠦᠭᠡᠢ᠃ ᠶᠠᠭᠠᠬᠢᠴᠢᠬᠠᠭᠰᠠᠨ ᠶᠤᠮ ᠪᠤᠢ ᠭᠡᠯᠡ᠃ ᠬᠤᠷᠠᠯᠳᠤᠭᠠᠨ ᠠᠴᠠ ᠡᠮᠦᠨ᠎ᠡ ᠤᠯᠤᠰ ᠤᠨ ᠶᠡᠬᠡ ᠬᠤᠷᠠᠯ ᠤᠨ ᠨᠡᠷ᠎ᠡ ᠪᠦᠬᠦᠢ 40 ᠣᠷᠴᠢᠮ ᠭᠡᠰᠢᠭᠦᠨ ᠮ ∙ ᠡᠩᠬᠡᠪᠣᠯᠤᠳ ᠢ ᠥᠪᠡᠷ ᠦᠨ ᠬᠦᠰᠡᠯᠲᠡ ᠪᠡᠷ ᠠᠯᠪᠠᠨ ᠲᠤᠰᠢᠶᠠᠯ ᠠᠴᠠ ᠪᠠᠨ ᠣᠭᠴᠣᠷᠠᠬᠤ ᠶᠢ ᠱᠠᠭᠠᠷᠳᠠᠵᠤ᠂ ᠠᠯᠪᠠᠨ ᠪᠢᠴᠢᠭ ᠭᠠᠷᠳᠠᠭᠤᠯᠤᠭᠰᠠᠨ᠃ ᠡᠨᠡ ᠲᠠᠯ᠎ᠠ ᠪᠠᠷ ᠲᠡᠷᠡ ᠄ ᠴᠢᠭᠤᠯᠭᠠᠨ ᠤ ᠬᠤᠷᠠᠯᠳᠤᠭᠠᠨ ᠳᠤ ᠣᠷᠣᠯᠴᠠᠬᠤ ᠦᠭᠡᠢ ᠪᠠᠶᠢᠭ᠎ᠠ ᠭᠡᠰᠢᠭᠦᠳ ᠲᠥᠷᠥ ᠶᠢᠨ ᠡᠷᠬᠡ ᠶᠢ ᠬᠠᠤᠯᠢ ᠪᠤᠰᠤ ᠪᠠᠷ ᠠᠪᠬᠤ ᠣᠷᠣᠯᠳᠤᠯᠭ᠎ᠠ ᠬᠢᠵᠦ ᠪᠠᠶᠢᠭ᠎ᠠ ᠶᠤᠮ ᠤᠤ᠃ ᠬᠠᠤᠯᠢ ᠲᠣᠭᠲᠠᠭᠠᠬᠤ ᠳᠡᠭᠡᠳᠦ ᠪᠠᠶᠢᠭᠤᠯᠤᠯᠭ᠎ᠠ ᠶᠢ ᠲᠠᠷᠬᠠᠭᠠᠬᠤ ᠣᠷᠣᠯᠳᠤᠯᠭ᠎ᠠ ᠶᠢ ᠢᠩᠭᠢᠵᠦ ᠬᠢᠵᠦ ᠪᠠᠶᠢᠭ᠎ᠠ ᠶᠤᠮ ᠤᠤ᠃ ᠢᠩᠭᠢᠵᠦ ᠲᠠᠭᠠᠷᠠᠬᠤ ᠦᠭᠡᠢ᠃ ᠪᠦᠬᠦ ᠵᠦᠢᠯ ᠬᠠᠤᠯᠢ ᠶᠢᠨ ᠬᠦᠷᠢᠶᠡᠨ ᠳᠦ ᠪᠠᠶᠢᠬᠤ ᠶᠣᠰᠣᠲᠠᠢ᠃ ᠲᠡᠶᠢᠮᠦ ᠤᠴᠢᠷ ᠠᠴᠠ ᠣᠳᠣ ᠴᠢᠭᠤᠯᠭᠠᠨ ᠤ ᠬᠤᠷᠠᠯᠳᠤᠭᠠᠨ ᠢᠶᠠᠨ ᠡᠬᠢᠯᠡᠨ᠎ᠡ᠃ ᠬᠤᠷᠠᠯ ᠳᠡᠭᠡᠷ᠎ᠡ ᠪᠡᠨ ᠶᠠᠷᠢᠬᠤ ᠵᠦᠢᠯ ᠢᠶᠡᠨ ᠶᠠᠷᠢᠨ᠎ᠠ ᠭᠡᠪᠡ᠃