ᠶᠡᠷᠦᠩᠬᠡᠶᠢᠯᠡᠭᠴᠢ ᠶᠢᠨ ᠬᠣᠷᠢᠭ ᠢ ᠬᠦᠯᠢᠶᠡᠵᠦ ᠠᠪᠤᠭᠰᠠᠨ ᠦᠭᠡᠢ | News.MN

ᠶᠡᠷᠦᠩᠬᠡᠶᠢᠯᠡᠭᠴᠢ ᠶᠢᠨ ᠬᠣᠷᠢᠭ ᠢ ᠬᠦᠯᠢᠶᠡᠵᠦ ᠠᠪᠤᠭᠰᠠᠨ ᠦᠭᠡᠢ

ᠤᠯᠤᠰ ᠤᠨ ᠶᠡᠬᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ 2019 ᠣᠨ ᠤ ᠲᠥᠰᠥᠪ ᠲᠦ ᠲᠠᠯᠪᠢᠭᠰᠠᠨ ᠶᠡᠷᠦᠩᠬᠡᠶᠢᠯᠡᠭᠴᠢ ᠶᠢᠨ ᠬᠣᠷᠢᠭ ᠢ ᠬᠡᠯᠡᠯᠴᠡᠭᠡᠳ ᠂  ︽ᠶᠡᠷᠦᠩᠬᠡᠶᠢᠯᠡᠭᠴᠢ ᠶᠢᠨ ᠬᠣᠷᠢᠭ ᠢ ᠬᠦᠯᠢᠶᠡᠵᠦ ᠠᠪᠬᠤ ᠪᠣᠯᠤᠮᠵᠢ ᠦᠭᠡᠢ︾ ᠭᠡᠰᠡᠨ ᠰᠠᠨᠠᠯ ᠬᠤᠷᠢᠶᠠᠯᠲᠠ ᠶᠠᠪᠤᠭᠤᠯᠬᠤ ᠳᠤ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠦᠨ 82 ᠬᠤᠪᠢ  ᠶᠢᠨ ᠰᠠᠨᠠᠯ ᠢᠶᠠᠷ ᠳᠡᠮᠵᠢᠯ᠎ᠡ᠃ ᠮᠣᠩᠭᠣᠯ ᠤᠯᠤᠰ ᠤᠨ 2019 ᠣᠨ ᠤ ᠲᠥᠰᠥᠪ ᠰᠠᠬᠢᠯᠭ᠎ᠠ ᠪᠠᠲᠤ ᠬᠠᠷᠢᠭᠤᠴᠠᠯᠭ᠎ᠠ ᠶᠢ ᠡᠷᠬᠢᠮᠯᠡᠭᠡ ᠦᠭᠡᠢ᠂ ᠦᠷ᠎ᠡ ᠠᠰᠢᠭ ᠦᠭᠡᠢ ᠪᠣᠯᠤᠭᠰᠠᠨ ᠬᠡᠮᠡᠨ ᠦᠵᠡᠵᠦ ᠶᠡᠷᠦᠩᠬᠡᠶᠢᠯᠡᠭᠴᠢ ᠪᠦᠬᠦᠯᠢ ᠳᠦ ᠨᠢ ᠬᠣᠷᠢᠭ ᠲᠠᠯᠪᠢᠭᠰᠠᠨ ᠶᠤᠮ᠃ ᠮᠥᠨ ᠲᠥᠰᠥᠪ ᠦᠨ ᠦᠷᠡᠯᠭᠡᠨ ᠵᠠᠷᠤᠳᠠᠯ ᠤᠳ ᠢ ᠲᠠᠨᠤᠬᠤ ᠵᠠᠮ ᠢᠶᠠᠷ 500 ᠲᠡᠷᠪᠤᠮ ᠲᠥᠭᠥᠷᠢᠭ ᠭᠠᠷᠭᠠᠨ᠂ ᠠᠶᠢᠮᠠᠭ ᠪᠦᠷᠢ ᠳᠦ ᠠᠭᠤᠯᠠ ᠠᠭᠤᠷᠬᠠᠢ ᠶᠢᠨ ᠪᠤᠰᠤ ᠡᠺᠰᠫᠣᠷᠲ ᠤᠨ ᠦᠢᠯᠡᠳᠪᠦᠷᠢ ᠨᠦᠭᠦᠳ ᠢ ᠳᠡᠮᠵᠢᠨ ᠬᠥᠭᠵᠢᠭᠦᠯᠬᠦ᠂ ᠠᠵᠤ ᠦᠢᠯᠡᠳᠪᠦᠷᠢ ᠶᠢᠨ ᠺᠣᠮᠪᠢᠨᠠᠲ ᠪᠠᠶᠢᠭᠤᠯᠬᠤ ᠠᠵᠢᠯ ᠢ ᠰᠠᠩᠬᠦᠦᠵᠢᠭᠦᠯᠬᠦ ᠠᠷᠭ᠎ᠠ ᠬᠡᠮᠵᠢᠶ᠎ᠡ ᠶᠢ ᠲᠥᠰᠥᠪ ᠲᠦ ᠲᠤᠰᠬᠠᠬᠤ ᠱᠠᠭᠠᠷᠳᠠᠯᠭ᠎ᠠ ᠲᠠᠢ ᠶᠢ ᠳᠤᠷᠠᠳᠤᠭᠰᠠᠨ᠃
ᠬᠠᠷᠢᠨ ᠶᠡᠷᠦᠩᠬᠡᠶᠢᠯᠡᠭᠴᠢ ᠬ∙ᠪᠠᠲᠤᠲᠤᠯᠭ᠎ᠠ ᠥᠴᠥᠭᠡᠳᠦᠷ ᠪᠤᠶᠤ ᠡᠨᠡ ᠰᠠᠷ᠎ᠠ ᠶᠢᠨ 22 ᠍ ᠳᠦ ᠲᠥᠰᠥᠪ ᠲᠦ ᠲᠠᠯᠪᠢᠭᠰᠠᠨ ᠬᠣᠷᠢᠭ ᠲᠤ ᠪᠠᠨ ᠲᠣᠳᠣᠳᠬᠠᠯ ᠪᠣᠯᠭᠠᠵᠤ ᠂ ᠮᠠᠯ ᠠᠵᠤ ᠠᠬᠤᠢ ᠶᠢᠨ ᠭᠠᠷᠤᠯ ᠲᠠᠢ ᠲᠦᠭᠦᠬᠡᠢ ᠡᠳ᠋ ᠢ ᠪᠣᠯᠪᠠᠰᠤᠷᠠᠭᠤᠯᠵᠤ᠂ ᠡᠺᠰᠫᠣᠷᠲᠯᠠᠬᠤ ᠠᠵᠤ ᠦᠢᠯᠡᠳᠪᠦᠷᠢ ᠶᠢᠨ ᠴᠣᠭᠴᠠᠯᠠᠪᠤᠷᠢ ᠪᠠᠶᠢᠭᠤᠯᠬᠤ ᠰᠠᠩᠬᠦᠦᠵᠢᠯᠲᠠ  ᠶᠢ ᠲᠥᠰᠥᠪ ᠲᠦ ᠲᠤᠰᠬᠠᠬᠤ ᠱᠠᠭᠠᠷᠳᠠᠯᠭ᠎ᠠ ᠲᠠᠢ ᠶᠢ ᠣᠨᠴᠠᠯᠠᠭᠰᠠᠨ᠃ ᠲᠡᠶᠢᠮᠦ ᠡᠴᠡ ᠲᠥᠰᠥᠪ ᠦᠨ ᠪᠠᠶᠢᠩᠭᠤ ᠶᠢᠨ ᠬᠣᠷᠢᠶ᠎ᠠ ᠳᠠᠬᠢᠨ ᠬᠡᠯᠡᠯᠴᠡᠵᠦ ᠶᠡᠷᠦᠩᠬᠡᠶᠢᠯᠡᠭᠴᠢ ᠶᠢᠨ ᠰᠠᠨᠠᠯ ᠢ ᠲᠥᠰᠥᠪ ᠲᠦ ᠲᠣᠳᠣᠳᠬᠠᠯ ᠬᠢᠬᠦ ᠵᠠᠮ ᠢᠶᠠᠷ ᠰᠢᠢᠳᠪᠦᠷᠢᠯᠡᠵᠦ ᠪᠣᠯᠤᠨ᠎ᠠ ᠭᠡᠰᠡᠨ ᠰᠠᠨᠠᠯ ᠢ ᠭᠠᠷᠭᠠᠭᠰᠠᠨ ᠪᠢᠯᠡ᠃ ᠴᠢᠭᠤᠯᠭᠠᠨ ᠤ ᠬᠤᠷᠠᠯᠳᠤᠭᠠᠨ ᠳᠡᠭᠡᠷ᠎ᠡ ᠪᠠᠶᠢᠩᠭᠤ ᠶᠢᠨ ᠬᠣᠷᠢᠶᠠᠨ ᠤ ᠡᠨᠡᠬᠦ ᠰᠠᠨᠠᠯ ᠢ ᠳᠡᠮᠵᠢᠬᠦ ᠡᠰᠡᠬᠦ ᠪᠡᠷ ᠮᠥᠨ ᠰᠠᠨᠠᠯ ᠬᠤᠷᠢᠶᠠᠬᠤ ᠳᠤ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠦᠨ 76.1 ᠬᠤᠪᠢ ᠪᠠᠷ ᠳᠡᠮᠵᠢᠭᠰᠡᠨ ᠶᠤᠮ᠃ ᠶᠡᠷᠦᠩᠬᠡᠶᠢᠯᠡᠭᠴᠢ ᠶᠢᠨ ᠰᠠᠨᠠᠯ ᠢ ᠲᠥᠰᠥᠪ ᠲᠦ ᠲᠣᠳᠣᠳᠬᠠᠯ ᠬᠢᠬᠦ ᠵᠠᠮ ᠢᠶᠠᠷ ᠰᠢᠢᠳᠪᠦᠷᠢᠯᠡᠬᠦ ᠶᠢ ᠵᠠᠰᠠᠭ ᠤᠨ ᠭᠠᠵᠠᠷ ᠲᠤ ᠳᠠᠭᠠᠭᠠᠯᠭᠠᠰᠤᠭᠠᠢ ᠭᠡᠰᠡᠨ ᠤᠯᠤᠰ ᠤᠨ ᠶᠡᠬᠡ ᠬᠤᠷᠠᠯ ᠤᠨ ᠲᠣᠭᠲᠠᠭᠠᠯ ᠭᠠᠷᠭᠠᠪᠠ᠃

ᠰᠡᠳᠬᠢᠭᠳᠡᠯ ᠦᠯᠡᠳᠡᠭᠡᠬᠦ