ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠭᠡᠰᠢᠭᠦᠨ ᠪᠦᠬᠦ ᠤᠯᠤᠰ ᠲᠠᠢ ᠮᠣᠩᠭᠣᠯ ᠤᠯᠤᠰ ᠳ᠋ᠢᠫᠯᠣᠮᠠᠲ ᠬᠠᠷᠢᠯᠴᠠᠭ᠎ᠠ ᠲᠣᠭᠲᠠᠭᠠᠬᠤ ᠵᠣᠷᠢᠯᠲᠠ ᠶᠢᠨ ᠬᠦᠷᠢᠶᠡᠨ ᠳᠦ ᠡᠰᠸᠠᠲ᠋ᠢᠨᠢ ᠬᠠᠭᠠᠨᠲᠤ ᠤᠯᠤᠰ ᠲᠠᠢ 2018 ᠣᠨ ᠤ 11 ᠳ᠋ᠤᠭᠡᠷ ᠰᠠᠷ᠎ᠠ ᠶᠢᠨ 21 ᠍ ᠦ ᠡᠳᠦᠷ ᠨᠢᠦ᠋ ᠶᠤᠷᠺ ᠬᠤᠲᠠᠨ᠎ᠠ ᠳ᠋ᠢᠫᠯᠣᠮᠠᠲ ᠬᠠᠷᠢᠯᠴᠠᠭ᠎ᠠ ᠲᠣᠭᠲᠠᠭᠠᠪᠠ᠃ ᠬᠣᠶᠠᠷ ᠤᠯᠤᠰ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠬᠥᠭᠵᠢᠭᠦᠯᠦᠨ ᠪᠡᠬᠢᠵᠢᠭᠦᠯᠬᠦ ᠬᠣᠶᠠᠷ ᠲᠠᠯ᠎ᠠ ᠶᠢᠨ ᠡᠷᠡᠮᠡᠯᠵᠡᠯ ᠢ ᠤᠳᠤᠷᠢᠳᠤᠯᠭ᠎ᠠ ᠪᠣᠯᠭᠠᠵᠤ᠂ ᠳ᠋ᠢᠫᠯᠣᠮᠠᠲ ᠬᠠᠷᠢᠯᠴᠠᠭᠠᠨ ᠤ ᠲᠤᠬᠠᠢ ᠸᠸᠶ᠋ᠸᠨᠠ ᠶᠢᠨ ᠺᠤᠨᠸᠸᠨᠼ᠂ ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ ᠶᠢᠨ ᠳᠦᠷᠢᠮ᠂ ᠣᠯᠠᠨ ᠤᠯᠤᠰ ᠤᠨ ᠡᠷᠬᠡ ᠵᠦᠢ ᠶᠢᠨ ᠵᠠᠷᠴᠢᠮ᠂ ᠬᠡᠮ ᠬᠡᠮᠵᠢᠶ᠎ᠡ ᠶᠢ ᠪᠠᠷᠢᠮᠲᠠᠯᠠᠬᠤ ᠪᠠᠨ ᠲᠣᠬᠢᠷᠠᠯᠴᠠᠯ᠎ᠠ᠃ ᠳ᠋ᠢᠫᠯᠣᠮᠠᠲ ᠬᠠᠷᠢᠯᠴᠠᠭ᠎ᠠ ᠲᠣᠭᠲᠠᠭᠠᠬᠤ ᠲᠤᠬᠠᠢ ᠬᠠᠮᠲᠤᠷᠠᠭᠰᠠᠨ ᠠᠯᠪᠠᠨ ᠮᠡᠳᠡᠭᠡᠨ ᠳᠦ ᠮᠣᠩᠭᠣᠯ ᠤᠯᠤᠰ ᠠᠴᠠ ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ ᠶᠢᠨ ᠳᠡᠷᠭᠡᠳᠡ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ᠂ ᠪᠠᠶᠢᠩᠭᠤ ᠶᠢᠨ ᠲᠥᠯᠥᠭᠡᠯᠡᠭᠴᠢ ᠰᠦᠬᠡ ᠶᠢᠨ ᠰᠦᠬᠡᠪᠣᠯᠤᠳ᠂ ᠡᠰᠸᠠᠲ᠋ᠢᠨᠢ ᠬᠠᠭᠠᠨᠲᠤ ᠤᠯᠤᠰ ᠠᠴᠠ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠳᠡᠷᠭᠡᠳᠡ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ᠂ ᠪᠠᠶᠢᠩᠭᠤ ᠶᠢᠨ ᠲᠥᠯᠥᠭᠡᠯᠡᠭᠴᠢ ᠮᠧᠯᠤᠰᠢ ᠮᠠᠷᠲ᠋ᠢᠨ ᠮᠠᠰᠤᠺᠦ᠋ ᠨᠠᠷ ᠭᠠᠷ ᠤᠨ ᠦᠰᠦᠭ ᠵᠢᠷᠤᠪᠠ᠃ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠢᠶᠠᠷ ᠬᠣᠶᠠᠷ ᠲᠠᠯ᠎ᠠ ᠶᠢᠨ ᠪᠣᠯᠤᠨ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠬᠦᠷᠢᠶᠡᠨ ᠳᠦ ᠬᠠᠷᠢᠯᠴᠠᠨ ᠳᠡᠮᠵᠢᠯᠭᠡ ᠦᠵᠡᠭᠦᠯᠬᠦ᠂ ᠬᠠᠮᠲᠤᠷᠠᠨ ᠠᠵᠢᠯᠯᠠᠬᠤ ᠢᠯᠡᠭᠦᠦ ᠪᠣᠯᠤᠮᠵᠢ ᠨᠡᠭᠡᠭᠡᠭᠳᠡᠵᠦ ᠪᠠᠶᠢᠭ᠎ᠠ ᠶᠢ ᠲᠠᠯ᠎ᠠ ᠨᠤᠭᠤᠳ ᠢᠯᠡᠷᠬᠡᠶᠢᠯᠡᠯ᠎ᠡ᠃
ᠵᠢᠴᠢ᠄ ᠡᠰᠸᠠᠲ᠋ᠢᠨᠢ ᠤᠯᠤᠰ ᠨᠢ ᠡᠨᠡ ᠣᠨ ᠤ ᠳᠥᠷᠪᠡᠳᠦᠭᠡᠷ ᠰᠠᠷ᠎ᠠ ᠶᠢ ᠬᠦᠷᠲᠡᠯ᠎ᠡ ᠰᠪᠠᠽᠢᠯᠢᠨ ᠳᠦ ᠨᠡᠷ᠎ᠡ ᠲᠡᠢ ᠪᠠᠶᠢᠭᠰᠠᠨ ᠶᠤᠮ᠃ 1.3 ᠰᠠᠶ᠎ᠠ ᠬᠦᠮᠦᠨ ᠠᠮᠠ ᠲᠠᠢ ᠡᠰᠸᠠᠲ᠋ᠢᠨᠢ ᠨᠢ ᠬᠠᠭᠠᠨᠲᠤ ᠵᠠᠰᠠᠭ ᠲᠠᠢ᠂ ᠳᠠᠯᠠᠢ ᠳᠤ ᠭᠠᠷᠴᠠ ᠦᠭᠡᠢ᠂ ᠡᠮᠦᠨᠡᠲᠦ ᠠᠹᠷᠢᠺᠠ ᠶᠢᠨ БНУ᠂ ᠮᠣᠽᠠᠮᠪᠢᠺ ᠤᠯᠤᠰ ᠤᠳ ᠲᠠᠢ ᠬᠢᠯᠢᠯᠡᠳᠡᠭ᠃