《ᠠᠦ᠋ᠲ᠋ᠣᠮᠠᠲ ᠷᠤᠪᠤᠲ-2018 》 ᠲᠡᠮᠡᠴᠡᠭᠡᠨ ᠪᠣᠯᠵᠤ ᠪᠠᠶᠢᠨ᠎ᠠ | News.MN

《ᠠᠦ᠋ᠲ᠋ᠣᠮᠠᠲ ᠷᠤᠪᠤᠲ-2018 》 ᠲᠡᠮᠡᠴᠡᠭᠡᠨ ᠪᠣᠯᠵᠤ ᠪᠠᠶᠢᠨ᠎ᠠ

ᠶᠡᠬᠡ ᠳᠡᠭᠡᠳᠦ ᠰᠤᠷᠭᠠᠭᠤᠯᠢ ᠶᠢᠨ ᠣᠶᠤᠲᠠᠨ ᠨᠤᠭᠤᠳ ᠪᠣᠯᠤᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠰᠤᠷᠤᠭᠴᠢᠳ ᠤᠨ ᠲᠧᠭᠨᠢᠭ ᠰᠡᠳᠬᠢᠯᠭᠡ᠂ ᠵᠣᠬᠢᠶᠠᠨ ᠪᠦᠲᠦᠭᠡᠬᠦ ᠴᠢᠳᠠᠪᠤᠷᠢ ᠶᠢ ᠬᠥᠭᠵᠢᠭᠦᠯᠬᠦ᠂ ᠴᠢᠯᠦᠭᠡᠲᠦ ᠴᠠᠭ ᠢ ᠵᠥᠪ ᠪᠣᠯᠪᠠᠰᠤᠨ ᠥᠩᠭᠡᠷᠡᠭᠦᠯᠬᠦ ᠵᠣᠷᠢᠯᠭ᠎ᠠ ᠪᠠᠷ ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ ᠶᠢᠨ ᠮᠡᠳᠡᠭᠡᠯᠡᠯ ᠬᠣᠯᠪᠣᠭᠠᠨ ᠤ ᠲᠧᠭᠨᠣᠯᠣᠭᠢ ᠶᠢᠨ ᠰᠤᠷᠭᠠᠭᠤᠯᠢ ᠠᠴᠠ ᠰᠠᠨᠠᠭᠠᠴᠢᠯᠠᠨ ᠵᠣᠬᠢᠶᠠᠨ ᠪᠠᠶᠢᠭᠤᠯᠳᠠᠭ ᠠᠦ᠋ᠲ᠋ᠣᠮᠠᠲ ᠷᠤᠪᠤᠲ ᠤᠨ ᠲᠡᠮᠡᠴᠡᠭᠡᠨ  ᠶᠢᠰᠦᠳᠡᠬᠢ ᠤᠳᠠᠭ᠎ᠠ ᠪᠣᠯᠵᠤ ᠪᠠᠶᠢᠨ᠎ᠠ᠃ ᠥᠨᠥᠳᠥᠷ᠂ ᠮᠠᠷᠭᠠᠰᠢ ᠦᠷᠭᠦᠯᠵᠢᠯᠡᠬᠦ ᠡᠨᠡᠬᠦ ᠲᠡᠮᠡᠴᠡᠭᠡᠨ ᠳᠦ ᠣᠷᠣᠯᠴᠠᠭᠴᠢᠳ ᠰᠢᠯᠤᠭᠤᠨ ᠵᠠᠮ ᠤᠨ ᠤᠷᠤᠯᠳᠤᠭᠠᠨ᠂ ᠷᠤᠪᠤᠲ ᠬᠥᠯ ᠪᠦᠮᠪᠦᠭᠡ᠂   ᠱᠤ ᠴᠤᠭᠯᠠᠭᠤᠯᠤᠭᠴᠢ ᠷᠤᠪᠤᠲ ᠂ ᠷᠤᠪᠤᠲ ᠷᠧᠢᠰ ᠭᠡᠰᠡᠨ ᠳᠥᠷᠪᠡᠨ ᠲᠥᠷᠥᠯ ᠢᠶᠡᠷ ᠥᠷᠢᠰᠥᠯᠳᠥᠬᠦ ᠨᠢ᠃
2009 ᠣᠨ ᠠᠴᠠ ᠠᠩᠬ᠎ᠠ ᠵᠣᠬᠢᠶᠠᠭᠳᠠᠭᠰᠠᠨ ᠡᠨᠡᠬᠦ ᠲᠡᠮᠡᠴᠡᠭᠡᠨ ᠳᠤ 2012 ᠣᠨ ᠠᠴᠠ ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ ᠶᠢᠨ ᠮᠡᠳᠡᠭᠡᠯᠡᠯ ᠬᠣᠯᠪᠣᠭᠠᠨ ᠤ  ᠲᠧᠭᠨᠣᠯᠣᠭᠢ ᠶᠢᠨ ᠰᠤᠷᠭᠠᠭᠤᠯᠢ᠂ ᠺᠣᠮᠫᠢᠦ᠋ᠲ᠋ᠧᠷ ᠦᠨ ᠲᠧᠭᠨᠢᠭ ᠮᠧᠨᠧᠵᠮᠧᠨᠲ ᠦᠨ ᠰᠤᠷᠭᠠᠭᠤᠯᠢ᠂ ᠮᠧᠬᠠᠨᠢᠭ ᠢᠨᠵᠧᠨᠧᠷ ᠦᠨ ᠰᠤᠷᠭᠠᠭᠤᠯᠢ ᠵᠡᠷᠭᠡ ᠲᠠᠪᠤᠨ ᠰᠤᠷᠭᠠᠭᠤᠯᠢ ᠶᠢᠨ 13 ᠪᠠᠭ ᠣᠷᠣᠯᠴᠠᠵᠤ᠂ ᠲᠡᠮᠡᠴᠡᠭᠡᠨ ᠤᠯᠠᠮ ᠬᠦᠷᠢᠶ᠎ᠡ ᠪᠡᠨ ᠲᠡᠯᠡᠭᠰᠡᠨ ᠪᠣᠯ 2016 ᠣᠨ ᠠᠴᠠ  ᠷᠤᠪᠤᠲ ᠰᠣᠨᠢᠷᠬᠠᠭᠴᠢᠳ ᠤᠨ ︽ᠷᠣᠪᠣᠺᠣᠨ ᠨᠡᠶᠢᠭᠡᠮᠯᠢᠭ︾ ᠲᠡᠮᠡᠴᠡᠭᠡᠨ ᠢ ᠬᠠᠮᠲᠤᠷᠠᠨ ᠵᠣᠬᠢᠶᠠᠨ ᠪᠠᠶᠢᠭᠤᠯᠳᠠᠭ ᠪᠣᠯᠵᠠᠢ᠃ ᠠᠦ᠋ᠲ᠋ᠣᠮᠠᠲ ᠷᠤᠪᠤᠲ ᠲᠡᠮᠡᠴᠡᠭᠡᠨ ᠤᠯᠠᠭᠠᠨᠪᠠᠭᠠᠲᠤᠷ ᠬᠣᠲᠠ᠂ ᠬᠥᠳᠡᠭᠡ ᠣᠷᠣᠨ ᠨᠤᠲᠤᠭ ᠤᠨ ᠷᠤᠪᠤᠲ ᠰᠣᠨᠢᠷᠬᠠᠭᠴᠢᠳ ᠥᠷᠭᠡᠨ ᠢᠶᠡᠷ ᠣᠷᠣᠯᠴᠠᠳᠠᠭ ᠪᠣᠯᠤᠭᠰᠠᠨ ᠪᠥᠭᠡᠳ ᠥᠨᠥ ᠶᠢᠨ ᠪᠠᠶᠢᠳᠠᠯ ᠢᠶᠠᠷ ᠳᠠᠷᠬᠠᠨ-ᠠᠭᠤᠯᠠ᠂ ᠲᠥᠪ᠂ ᠭᠤᠪᠢᠰᠦ᠋ᠮᠪᠤᠷ᠂ ᠤᠪᠰᠤ ᠠᠶᠢᠮᠠᠭ ᠪᠣᠯᠤᠨ ᠤᠯᠠᠭᠠᠨᠪᠠᠭᠠᠲᠤᠷ ᠬᠣᠲᠠ ᠶᠢᠨ ᠶᠡᠷᠦᠩᠬᠡᠢ ᠪᠣᠯᠪᠠᠰᠤᠷᠠᠯ ᠤᠨ 29 ᠰᠤᠷᠭᠠᠭᠤᠯᠢ ᠶᠢᠨ 50 ᠪᠠᠭ᠂ 14 ᠶᠡᠬᠡ ᠳᠡᠭᠡᠳᠦ ᠰᠤᠷᠭᠠᠭᠤᠯᠢ ᠶᠢᠨ 40 ᠪᠠᠭ ᠨᠡᠶᠢᠲᠡ 400 ᠭᠠᠷᠤᠢ ᠣᠶᠤᠲᠠᠨ ᠰᠤᠷᠤᠭᠴᠢ ᠣᠷᠣᠯᠴᠠᠨ ᠮᠡᠳᠡᠯᠭᠡ ᠴᠢᠳᠠᠪᠤᠷᠢ ᠪᠠᠨ ᠰᠣᠷᠢᠨ ᠤᠷᠤᠯᠳᠤᠳᠠᠭ ᠪᠣᠯᠤᠭᠠᠳ ᠪᠠᠶᠢᠨ᠎ᠠ᠃ ᠡᠨᠡ ᠣᠨ ᠤ ᠬᠠᠪᠤᠷ ᠠᠴᠠ ᠡᠬᠢᠯᠡᠨ ᠠᠦ᠋ᠲ᠋ᠣᠮᠠᠲ ᠷᠤᠪᠤᠲ᠍ ᠤᠨ ᠲᠡᠮᠡᠴᠡᠭᠡᠨ ᠢ ᠣᠯᠠᠨ ᠤᠯᠤᠰ ᠤᠨ ᠵᠢᠱᠢᠭ ᠲᠦ ᠨᠡᠶᠢᠴᠡᠭᠦᠯᠦᠨ᠂ ᠴᠢᠨᠠᠭᠰᠢᠳᠠ ᠣᠯᠠᠨ ᠤᠯᠤᠰ ᠲᠤ ᠪᠣᠯᠬᠤ ᠤᠷᠤᠯᠳᠤᠭᠠᠨ ᠲᠡᠮᠡᠴᠡᠭᠡᠨ ᠳᠦ ᠤᠷᠤᠯᠴᠠᠬᠤ ᠵᠣᠷᠢᠯᠭ᠎ᠠ ᠲᠠᠢ ᠪᠠᠷ ᠲᠡᠮᠡᠴᠡᠭᠡᠨ ᠦ ᠬᠦᠷᠢᠶᠡᠨ ᠳᠦ Robot Raceᠭᠡᠰᠡᠨ ᠲᠥᠷᠥᠯ ᠢ ᠰᠢᠨᠡᠴᠢᠯᠡᠨ ᠣᠷᠣᠭᠤᠯᠵᠠᠢ᠃

ᠰᠡᠳᠬᠢᠭᠳᠡᠯ ᠦᠯᠡᠳᠡᠭᠡᠬᠦ