ᠬᠡᠦᠬᠡᠳ ᠦᠨ ᠡᠮᠴᠢ ᠨᠠᠷ ᠤᠲᠠᠰᠤ ᠪᠠᠷ ᠵᠥᠪᠯᠡᠭᠡ ᠥᠭᠴᠦ ᠪᠠᠶᠢᠨ᠎ᠠ | News.MN

ᠬᠡᠦᠬᠡᠳ ᠦᠨ ᠡᠮᠴᠢ ᠨᠠᠷ ᠤᠲᠠᠰᠤ ᠪᠠᠷ ᠵᠥᠪᠯᠡᠭᠡ ᠥᠭᠴᠦ ᠪᠠᠶᠢᠨ᠎ᠠ

ᠬᠦᠢᠲᠡᠨ ᠦ ᠤᠯᠠᠷᠢᠯ ᠡᠬᠢᠯᠡᠵᠦ᠂ ᠬᠠᠨᠢᠶᠠᠳᠤ ᠲᠣᠮᠣᠭᠣ ᠶᠡᠬᠡᠰᠴᠦ ᠪᠤᠢ ᠲᠠᠢ ᠬᠣᠯᠪᠣᠭᠳᠠᠭᠤᠯᠤᠨ ᠳᠡᠭᠦᠷᠭᠡ ᠨᠦᠭᠦᠳ ᠦᠨ ᠡᠮᠨᠡᠯᠭᠡ ᠶᠢᠨ ᠬᠡᠦᠬᠡᠳ ᠦᠨ ᠺᠠᠪᠢᠨᠧᠲ ᠤᠷᠲᠤᠰᠬᠠᠭᠰᠠᠨ ᠴᠠᠭ ᠢᠶᠠᠷ ᠠᠵᠢᠯᠯᠠᠵᠤ ᠪᠠᠶᠢᠨ᠎ᠠ᠃ ᠠᠵᠢᠯ ᠤᠨ ᠡᠳᠦᠷ ᠦᠳ ᠲᠦ 17.00-22.00 ᠴᠠᠭ ᠬᠦᠷᠲᠡᠯ᠎ᠡ᠂ ᠠᠮᠠᠷᠠᠯᠲᠠ ᠶᠢᠨ ᠡᠳᠦᠷ ᠦᠳ ᠲᠦ 11.00-18.00 ᠴᠠᠭ ᠬᠦᠷᠲᠡᠯ᠎ᠡ ᠠᠵᠢᠯᠯᠠᠵᠤ ᠪᠠᠶᠢᠭ᠎ᠠ ᠶᠤᠮ᠃ ᠮᠥᠨ ᠬᠡᠦᠬᠡᠳ ᠦᠨ ᠮᠡᠷᠭᠡᠵᠢᠯ ᠦᠨ ᠡᠮᠴᠢ ᠨᠠᠷ ᠢᠷᠭᠡᠳ ᠲᠦ ᠤᠲᠠᠰᠤ ᠪᠠᠷ ᠵᠥᠪᠯᠡᠭᠡ ᠥᠭᠴᠦ ᠪᠠᠶᠢᠭ᠎ᠠ ᠠᠵᠠᠢ ᠃
ᠨᠡᠶᠢᠰᠯᠡᠯ ᠦᠨ ᠬᠠᠮᠤᠭ ᠤᠨ ᠶᠡᠬᠡ ᠬᠦᠮᠦᠨ ᠠᠮᠠ ᠲᠠᠢ ᠰᠣᠩᠭᠢᠨ᠎ᠠ-ᠬᠠᠶᠢᠷᠬᠠᠨ ᠳᠡᠭᠦᠷᠭᠡ ᠶᠢᠨ ᠨᠢᠭᠡᠳᠦᠭᠰᠡᠨ ᠡᠮᠨᠡᠯᠭᠡ ᠶᠢᠨ ᠬᠡᠦᠬᠡᠳ ᠦᠨ ᠡᠮᠨᠡᠯᠭᠡ 165 ᠣᠷᠣ ᠲᠠᠢ ᠴᠤ᠂ ᠡᠨᠡ ᠰᠠᠷ᠎ᠠ ᠶᠢᠨ 24 ᠍ ᠤ ᠪᠠᠶᠢᠳᠠᠯ ᠢᠶᠠᠷ 263 ᠬᠡᠦᠬᠡᠳ ᠬᠡᠪᠲᠡᠨ ᠡᠮᠴᠢᠯᠡᠭᠦᠯᠵᠦ ᠪᠠᠶᠢᠨ᠎ᠠ᠃ ᠬᠡᠪᠲᠡᠨ ᠡᠮᠴᠢᠯᠡᠭᠦᠯᠵᠦ ᠪᠤᠢ ᠬᠡᠦᠬᠡᠳ ᠦᠨ 80 ᠭᠠᠷᠤᠢ ᠬᠤᠪᠢ ᠨᠢ ᠠᠮᠢᠰᠬᠤᠯ ᠤᠨ ᠵᠠᠮ ᠤᠨ ᠡᠪᠡᠳᠴᠢᠨ ᠂ ᠬᠠᠳᠬᠤᠯᠭ᠎ᠠ᠂ ᠦᠯᠡᠳᠡᠭᠰᠡᠨ ᠬᠤᠪᠢ ᠨᠢ ᠰᠠᠭᠤᠯᠭᠠᠯᠲᠠ ᠭᠡᠰᠡᠨ ᠣᠨᠣᠰᠢ ᠲᠠᠢ ᠪᠠᠷ ᠡᠷᠡᠭᠦᠯ ᠮᠡᠨᠳᠦ ᠶᠢᠨ ᠲᠤᠰᠠᠯᠠᠮᠵᠢ ᠦᠢᠯᠡᠴᠢᠯᠡᠭᠡ ᠠᠪᠴᠤ ᠪᠤᠢ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ