ᠤᠯᠤᠰ ᠤᠨ ᠶᠡᠬᠡ ᠬᠤᠷᠠᠯ ᠤᠨ ᠳᠠᠷᠤᠭ᠎ᠠ ᠮ∙ᠡᠩᠬᠡᠪᠣᠯᠤᠳ ᠢ ᠦᠨᠳᠦᠰᠦᠨ ᠬᠠᠤᠯᠢ ᠵᠥᠷᠢᠴᠡᠭᠰᠡᠨ ᠡᠰᠡᠬᠦ ᠠᠰᠠᠭᠤᠳᠠᠯ ᠢ ᠰᠢᠯᠭᠠᠭᠤᠯᠬᠤ ᠪᠠᠷ ᠶᠡᠷᠦᠩᠬᠡᠢ ᠰᠠᠶᠢᠳ ᠤ᠊∙ᠬᠦᠷᠡᠯᠰᠦ᠋ᠬᠡ ᠥᠴᠥᠭᠡᠳᠦᠷ ᠪᠤᠶᠤ ᠡᠨᠡ ᠰᠠᠷ᠎ᠠ ᠶᠢᠨ 28 ᠍ ᠳᠦ ᠦᠨᠳᠦᠰᠦᠨ ᠬᠠᠤᠯᠢ ᠶᠢᠨ ᠰᠡᠴᠡ ᠳᠦ ᠬᠠᠨᠳᠤᠵᠠᠢ᠃
ᠤᠯᠤᠰ ᠤᠨ ᠶᠡᠬᠡ ᠬᠤᠷᠠᠯ ᠤᠨ 2016 ᠣᠨ ᠤ ᠰᠣᠩᠭᠣᠭᠤᠯᠢ ᠶᠢᠨ ᠦᠶ᠎ᠡ ᠳᠦ ᠲᠤᠬᠠᠢ ᠶᠢᠨ ᠦᠶ᠎ᠡ ᠶᠢᠨ ᠮᠤᠩᠭᠤᠯ ᠠᠷᠠᠳ ᠤᠨ ᠨᠠᠮ ᠍ ᠤᠨ ᠤᠳᠤᠷᠢᠳᠤᠯᠭ᠎ᠠ ᠨᠠᠷ ᠲᠥᠷᠥ ᠶᠢᠨ ᠤᠳᠤᠷᠢᠳᠬᠤ ᠠᠯᠪᠠᠨ ᠲᠤᠰᠢᠶᠠᠯ ᠤᠨ ᠰᠠᠭᠤᠳᠠᠯ ᠢ ᠦᠨᠡᠯᠡᠬᠦ ᠵᠠᠮ ᠢᠶᠠᠷ 60 ᠲᠡᠷᠪᠤᠮ ᠲᠥᠭᠥᠷᠢᠭ ᠪᠣᠰᠬᠠᠬᠤ ᠪᠠᠷ ᠬᠤᠤᠪᠢᠯᠳᠤᠭᠰᠠᠨ ᠪᠢᠴᠢᠯᠭᠡ ᠨᠡᠶᠢᠲᠡ ᠳᠦ ᠰᠠᠴᠤᠭᠳᠠᠭᠰᠠᠨ ᠃ ᠡᠨᠡ ᠨᠢ ᠦᠨᠳᠦᠰᠦᠨ ᠬᠠᠤᠯᠢ ᠶᠢᠨ ᠭᠤᠷᠪᠠᠳᠤᠭᠠᠷ ᠵᠦᠢᠯ ᠦᠨ ᠬᠤᠶᠠᠳᠠᠬᠢ ᠬᠡᠰᠡᠭ ᠦᠨ ︽ᠲᠥᠷᠥ ᠶᠢᠨ ᠡᠷᠬᠡ ᠮᠡᠳᠡᠯ ᠢ ᠬᠠᠤᠯᠢ ᠪᠤᠰᠤ ᠪᠠᠷ ᠠᠪᠬᠤ᠂ ᠠᠪᠬᠤ ᠪᠠᠷ ᠵᠠᠪᠳᠤᠬᠤ ᠶᠢ ᠬᠣᠷᠢᠭᠯᠠᠨ᠎ᠠ︾ ᠬᠡᠮᠡᠨ ᠵᠢᠭᠠᠭᠰᠠᠨ ᠢ ᠵᠥᠷᠢᠴᠡᠭᠰᠡᠨ ᠪᠠᠶᠢᠨ᠎ᠠ᠃ ᠲᠡᠭᠦᠨᠴᠢᠯᠡᠨ ᠡᠨᠡᠬᠦ ᠠᠰᠠᠭᠤᠳᠠᠯ ᠢ ᠴᠢᠭᠤᠯᠭᠠᠨ ᠢᠶᠠᠷ ᠬᠡᠯᠡᠯᠴᠡᠭᠦᠯᠬᠦ ᠪᠡᠷ ᠨᠡᠷ᠎ᠡ ᠪᠦᠬᠦᠢ 26 ᠭᠡᠰᠢᠭᠦᠨ ᠤᠯᠤᠰ ᠤᠨ ᠶᠡᠬᠡ ᠬᠤᠷᠠᠯ ᠤᠨ ᠳᠠᠷᠤᠭ᠎ᠠ ᠳᠤ ᠡᠨᠡ ᠣᠨ ᠤ 7 ᠳ᠋ᠤᠭᠠᠷ ᠰᠠᠷ᠎ᠠ ᠳᠤ ᠡᠭᠡᠯᠵᠢᠲᠦ ᠪᠤᠰᠤ ᠴᠢᠭᠤᠯᠭᠠᠨ ᠵᠠᠷᠯᠠᠬᠤ ᠬᠦᠰᠡᠯᠲᠡ ᠬᠦᠷᠭᠡᠭᠦᠯᠦᠭᠰᠡᠨ᠃ ᠭᠡᠪᠡᠴᠦ ᠤᠯᠤᠰ ᠤᠨ ᠶᠡᠬᠡ ᠬᠤᠷᠠᠯ ᠤᠨ ᠳᠠᠷᠤᠭ᠎ᠠ ᠲᠤᠬᠠᠢ ᠶᠢᠨ ᠦᠶ᠎ᠡ ᠳᠦ ᠨᠢ ᠡᠭᠡᠯᠵᠢᠲᠦ ᠪᠤᠰᠤ ᠴᠢᠭᠤᠯᠭᠠᠨ ᠵᠠᠷᠯᠠᠵᠤ᠂ ᠤᠭ ᠠᠰᠠᠭᠤᠳᠠᠯ ᠢ ᠬᠡᠯᠡᠯᠴᠡᠭᠦᠯᠦᠭᠡ ᠦᠭᠡᠢ ᠶᠤᠮ᠃ ᠡᠨᠡ ᠨᠢ ᠦᠨᠳᠦᠰᠦᠨ ᠬᠠᠤᠯᠢ ᠶᠢᠨ 27 ᠳ᠋ᠤᠭᠠᠷ ᠵᠦᠢᠯ ᠦᠨ ᠭᠤᠷᠪᠠᠳᠠᠬᠢ ᠬᠡᠰᠡᠭ ᠦᠨ ︽ᠤᠯᠤᠰ ᠤᠨ ᠶᠡᠬᠡ ᠬᠤᠷᠠᠯ ᠤᠨ ᠨᠡᠶᠢᠲᠡ ᠭᠡᠰᠢᠭᠦᠨ ᠦ ᠭᠤᠷᠪᠠᠨ ᠤ ᠨᠢᠭᠡ ᠡᠴᠡ ᠳᠡᠭᠡᠭᠰᠢᠬᠢ ᠶᠢᠨ ᠱᠠᠭᠠᠷᠳᠠᠭᠰᠠᠨ ᠢᠶᠠᠷ ᠡᠰᠡᠬᠦᠯ᠎ᠡ ᠶᠡᠷᠦᠩᠬᠡᠶᠢᠯᠡᠭᠴᠢ᠂ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠰᠠᠨᠠᠭᠠᠴᠢᠯᠠᠭ᠎ᠠ ᠪᠠᠷ ᠡᠭᠡᠯᠵᠢᠲᠦ ᠪᠤᠰᠤ ᠴᠢᠭᠤᠯᠭᠠᠨ ᠴᠢᠭᠤᠯᠵᠤ ᠪᠣᠯᠤᠨ᠎ᠠ︾ ᠭᠡᠰᠡᠨ ᠢ ᠵᠥᠷᠢᠴᠡᠭᠰᠡᠨ ᠬᠡᠮᠡᠨ ᠶᠡᠷᠦᠩᠬᠡᠢ ᠰᠠᠶᠢᠳ ᠬᠦᠰᠡᠯᠲᠡ ᠳᠦ ᠪᠡᠨ ᠳᠤᠷᠠᠳᠴᠠᠢ᠃
ᠮᠣᠩᠭᠤᠯ ᠪᠢᠴᠢᠭ 2018-11-30 66.181.179.230
ᠮᠡᠳᠡᠭᠡᠯᠡᠯ ᠢᠶᠡᠨ ᠡᠳᠥᠷ ᠪᠦᠷᠢ ᠲᠣᠭᠲᠠᠮᠠᠯ ᠰᠢᠨᠡᠴᠢᠯᠡᠵᠦ ᠪᠠᠢᠢᠭ᠎ᠠ ᠳᠥ ᠪᠠᠶᠠᠷᠯᠠᠯ᠎ᠠ᠃ ᠡᠳᠦᠷ ᠪᠦᠬᠦᠨ ᠮᠣᠩᠭᠤᠯ ᠪᠢᠴᠢᠭ ᠢᠶᠡᠷ ᠢᠶᠡᠨ ᠰᠢᠨ᠎ᠡ ᠮᠡᠳᠡᠭᠡ ᠤᠩᠰᠢᠭᠠᠳ ᠰᠠᠢᠢᠬᠠᠨ ᠪᠠᠢᠢᠨ᠎ᠠ ᠠ᠋