ᠲᠡᠷᠲᠡᠭᠡ 1948 ᠣᠨ ᠤ ᠲᠠᠪᠤᠳᠤᠭᠠᠷ ᠰᠠᠷ᠎ᠠ ᠶᠢᠨ ᠨᠢᠭᠡᠨ ᠳᠦ ᠠᠩᠬᠠᠨ ᠤ ᠳ᠋ᠤᠭᠠᠷ ᠢᠶᠠᠨ ᠬᠡᠪᠯᠡᠵᠦ ᠪᠠᠶᠢᠭᠰᠠᠨ ᠬᠡᠨᠲᠡᠢ ᠠᠶᠢᠮᠠᠭ ᠤᠨ ︽ᠤᠷᠤᠭᠰᠢ ᠪᠠᠨ︾ ᠰᠣᠨᠢᠨ ᠡᠨᠡ ᠵᠢᠯ 70 ᠨᠠᠰᠤᠨ ᠤ ᠣᠢ ᠲᠠᠢ ᠪᠠᠨ ᠵᠣᠯᠭᠠᠵᠤ ᠪᠠᠶᠢᠨ᠎ᠠ᠃ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠲᠥᠪ ᠬᠣᠷᠢᠶᠠᠨ ᠤ 1948 ᠣᠨ ᠤ ᠭᠤᠷᠪᠠᠳᠤᠭᠠᠷ ᠰᠠᠷ᠎ᠠ ᠶᠢᠨ 4 ᠍ ᠦ ᠡᠳᠦᠷ ᠦᠨ 12 ᠲᠣᠭᠠᠲᠤ ᠲᠣᠭᠲᠠᠭᠠᠯ ᠤᠨ ᠵᠢᠭᠠᠯᠲᠠ ᠶᠢᠨ ᠳᠠᠭᠠᠤ ᠬᠡᠨᠲᠡᠢ ᠠᠶᠢᠮᠠᠭ ᠤᠨ ᠨᠠᠮ ᠤᠨ ᠬᠣᠷᠢᠶ᠎ᠠ᠂ ᠠᠷᠠᠳ ᠤᠨ ᠳ᠋ᠧᠫᠦᠲ᠋ᠠᠲ ᠤᠳ ᠤᠨ ᠬᠤᠷᠠᠯ ᠤᠨ ᠭᠦᠢᠴᠡᠳᠭᠡᠬᠦ ᠵᠠᠬᠢᠷᠭ᠎ᠠ ᠥᠪᠡᠷ ᠦᠨ ᠰᠣᠨᠢᠨ ᠲᠠᠢ ᠪᠣᠯᠵᠤ᠂ ᠠᠩᠬᠠᠨ ᠤ ᠳ᠋ᠤᠭᠠᠷ ᠨᠢ ᠬᠠᠭᠠᠰ ᠬᠡᠪᠯᠡᠯ ᠦᠨ ᠬᠠᠭᠤᠳᠠᠰᠤ ᠪᠠᠷ 1500 ᠬᠤᠪᠢ ᠬᠡᠪᠯᠡᠭᠳᠡᠨ ᠭᠠᠷᠴᠤ᠂ ᠲᠤᠰ ᠠᠶᠢᠮᠠᠭ ᠤᠨ ᠬᠡᠪᠯᠡᠬᠦ ᠦᠢᠯᠡᠳᠪᠦᠷᠢ ᠶᠢᠨ ᠰᠠᠭᠤᠷᠢ ᠲᠠᠯᠪᠢᠭᠳᠠᠭᠰᠠᠨ ᠲᠡᠦᠬᠡ ᠲᠡᠢ᠃
ᠳᠡᠭᠡᠷ᠎ᠡ ᠵᠠᠭᠤᠨ ᠤ ᠨᠠᠶᠠᠭᠠᠳ ᠤᠨ ᠳᠤ ︽ᠤᠷᠤᠭᠰᠢ ᠪᠠᠨ︾ ᠰᠣᠨᠢᠨ ᠪᠦᠲᠦᠨ ᠬᠡᠪᠯᠡᠯ ᠦᠨ ᠬᠠᠭᠤᠳᠠᠰᠤ ᠪᠠᠷ ᠳᠣᠯᠣᠭ᠎ᠠ ᠬᠣᠨᠣᠭ ᠲᠤ ᠬᠣᠶᠠᠷ ᠤᠳᠠᠭ᠎ᠠ 8000-10000 ᠬᠤᠪᠢ ᠬᠡᠪᠯᠡᠭᠳᠡᠨ ᠭᠠᠷᠴᠤ ᠂ ᠨᠠᠮ ᠵᠠᠰᠠᠭ ᠤᠨ ᠪᠣᠳᠣᠯᠭ᠎ᠠ ᠰᠢᠢᠳᠪᠦᠷᠢ ᠶᠢ ᠬᠡᠷᠡᠭᠵᠢᠭᠦᠯᠬᠦ᠂ ᠠᠶᠢᠮᠠᠭ ᠣᠷᠣᠨ ᠨᠤᠲᠤᠭ ᠤᠨ ᠲᠤᠯᠭᠠᠮᠳᠠᠭᠰᠠᠨ ᠵᠣᠷᠢᠯᠲᠠ ᠶᠢ ᠰᠢᠢᠳᠪᠦᠷᠢᠯᠡᠬᠦ᠂ ᠥᠭᠡᠷᠡᠴᠢᠯᠡᠨ ᠪᠠᠶᠢᠭᠤᠯᠤᠯᠲᠠ ᠶᠢᠨ ᠲᠤᠷᠰᠢᠯᠭ᠎ᠠ ᠠᠴᠠ ᠪᠦᠲᠦᠭᠡᠯᠴᠢ ᠪᠡᠷ ᠰᠤᠷᠤᠯᠴᠠᠵᠤ ᠠᠷᠠᠳᠴᠢᠯᠠᠯ ᠢᠯᠡ ᠲᠣᠳᠣ ᠪᠠᠶᠢᠳᠠᠯ ᠢ ᠬᠥᠭᠵᠢᠭᠦᠯᠬᠦ ᠳᠦ ᠨᠡᠶᠢᠲᠡᠯᠡᠯ ᠦᠨ ᠪᠣᠳᠣᠯᠭ᠎ᠠ ᠪᠠᠨ ᠴᠢᠭᠯᠡᠭᠦᠯᠵᠦ ᠪᠠᠶᠢᠴᠠᠢ᠃ ᠶᠡᠷᠡᠭᠡᠳ ᠤᠨ ᠤ ᠰᠡᠭᠦᠯᠴᠢ ᠪᠡᠷ ︽ᠬᠡᠪᠯᠡᠯ ᠦᠨ ᠡᠷᠬᠡ ᠴᠢᠯᠦᠭᠡᠨ ᠦ ᠲᠤᠬᠠᠢ︾ ᠬᠠᠤᠯᠢ ᠶᠢᠨ ᠳᠠᠭᠠᠤ ᠰᠣᠨᠢᠨ ᠤ ᠨᠡᠷ᠎ᠡ ᠶᠢ ︽ᠬᠡᠨᠲᠡᠢ ᠨᠢᠶᠦ᠋ᠰ︾ ᠪᠣᠯᠭᠠᠨ ᠥᠭᠡᠷᠡᠴᠢᠯᠡᠵᠦ᠂ ᠪᠠᠲᠤᠮᠦ᠋ᠩᠬᠡ ᠶᠢᠨ ᠠᠳ᠋ᠢᠶᠠᠬᠦᠦ ᠡᠷᠬᠢᠯᠡᠨ ᠭᠠᠷᠭᠠᠵᠤ ᠪᠠᠶᠢᠭᠰᠠᠨ ᠪᠠᠶᠢᠨ᠎ᠠ᠃