ᠥᠪᠦᠷᠬᠠᠩᠭᠠᠢ ᠠᠶᠢᠮᠠᠭ ᠤᠨ ᠬᠡᠦᠬᠡᠳ ᠪᠠᠭᠠᠴᠤᠳ ᠣᠷᠴᠢᠨ ᠦᠶ᠎ᠡ ᠶᠢᠨ ᠰᠲ᠋ᠠᠨᠳᠠᠷᠲ ᠤᠨ ᠱᠠᠭᠠᠷᠳᠠᠯᠭ᠎ᠠ ᠬᠠᠩᠭᠠᠭᠰᠠᠨ ᠲᠣᠬᠢᠯᠢᠭ ᠨᠣᠮ ᠤᠨ ᠣᠷᠳᠣᠨ ᠲᠠᠢ ᠪᠣᠯᠤᠯ᠎ᠠ᠃ ︽ᠬᠡᠦᠬᠡᠳ ᠦᠨ ᠬᠥᠭᠵᠢᠯ᠂ ᠬᠠᠮᠠᠭᠠᠯᠠᠯ ᠤᠨ ᠵᠢᠯ︾ ᠍ ᠦᠨ ᠬᠦᠷᠢᠶᠡᠨ ᠳᠦ ᠣᠷᠣᠨ ᠨᠤᠲᠤᠭ ᠤᠨ ᠲᠥᠰᠥᠪ ᠢᠶᠡᠷ ᠣᠯᠠᠨ ᠵᠢᠯ ᠠᠰᠢᠭᠯᠠᠭᠳᠠᠭ᠎ᠠ ᠦᠭᠡᠢ ᠬᠠᠭᠤᠴᠢᠨ ᠤ ᠪᠠᠷᠢᠯᠭ᠎ᠠ ᠶᠢ ᠰᠢᠨᠡᠴᠢᠯᠡᠵᠦ᠂ 200 ᠬᠡᠦᠬᠡᠳ ᠦᠨ ᠬᠦᠴᠦᠨ ᠴᠢᠳᠠᠯ ᠲᠠᠢ ᠨᠣᠮ ᠤᠨ ᠥᠷᠭᠥᠭᠡ ᠶᠢ ᠪᠠᠶᠢᠭᠤᠯᠤᠭᠠᠳ ᠪᠠᠶᠢᠨ᠎ᠠ᠃ ᠬᠡᠦᠬᠡᠳ ᠦᠨ ᠬᠦᠭᠵᠢᠯ ᠳᠦ ᠲᠤᠰᠠᠲᠠᠢ ᠤᠭ ᠠᠵᠢᠯ ᠢ ᠳᠡᠮᠵᠢᠵᠦ ᠤᠯᠤᠰ ᠤᠨ ᠶᠡᠬᠡ ᠬᠤᠷᠠᠯ ᠤᠨ ᠭᠡᠰᠢᠭᠦᠨ ᠰ∙ᠴᠢᠩᠵᠣᠷᠢᠭ ᠬᠥᠳᠡᠯᠮᠦᠷᠢ᠂ ᠨᠡᠶᠢᠭᠡᠮ ᠤᠨ ᠬᠠᠮᠠᠭᠠᠯᠠᠯ ᠤᠨ ᠰᠠᠶᠢᠳ ᠤᠨ ᠪᠠᠭᠴᠠ ᠠᠴᠠ 50 ᠰᠠᠶ᠎ᠠ ᠲᠥᠭᠥᠷᠢᠭ ᠢ ᠰᠢᠢᠳᠴᠦ ᠥᠭᠴᠡᠢ᠃
《ᠬᠡᠦᠬᠡᠳ ᠦᠨ ᠨᠣᠮ ᠤᠨ ᠣᠷᠳᠣᠨ》᠍ ᠤ ᠨᠡᠭᠡᠭᠡᠯᠲᠡ ᠶᠢᠨ ᠦᠶ᠎ᠡ ᠪᠡᠷ ᠢᠷᠠᠭᠤ ᠨᠠᠶᠢᠷᠠᠭᠴᠢ ᠼ∙ᠪᠠᠲᠤᠭᠡᠷᠡᠯ ᠦᠨ ︽ᠪᠢᠴᠢᠬᠠᠨ ᠵᠣᠷᠭᠣᠯ ᠪᠠ ᠡᠩᠬᠢᠭᠦᠯᠦᠭᠡ ᠬᠦᠦ︾ ᠨᠣᠮ ᠤᠨ ᠨᠡᠭᠡᠭᠡᠯᠲᠡ ᠪᠣᠯᠤᠯ᠎ᠠ᠃ ᠡᠨᠡᠬᠦ ᠨᠣᠮ ᠢ ᠠᠶᠢᠮᠠᠭ ᠤᠨ ᠵᠠᠰᠠᠭ ᠳᠠᠷᠤᠭ᠎ᠠ ᠶᠢᠨ ᠳᠡᠮᠵᠢᠯᠭᠡ ᠲᠡᠢ ᠪᠡᠷ ᠬᠡᠪᠯᠡᠨ ᠬᠡᠦᠬᠡᠳ᠂ ᠪᠠᠭᠠᠴᠤᠳ ᠤᠨ ᠬᠦᠷᠲᠡᠭᠡᠯ ᠪᠣᠯᠭᠠᠵᠤ ᠪᠠᠶᠢᠭ᠎ᠠ ᠶᠤᠮ᠃