443 ᠰᠠᠶ᠎ᠠ ᠳ᠋ᠤᠯᠯᠠᠷ ᠤᠨ ᠵᠢᠭᠡᠯᠡ ᠲᠤᠰᠠᠯᠠᠮᠵᠢ ᠤᠯᠭᠤᠨ᠎ᠠ | News.MN

443 ᠰᠠᠶ᠎ᠠ ᠳ᠋ᠤᠯᠯᠠᠷ ᠤᠨ ᠵᠢᠭᠡᠯᠡ ᠲᠤᠰᠠᠯᠠᠮᠵᠢ ᠤᠯᠭᠤᠨ᠎ᠠ

ᠡᠨᠡ ᠣᠨ ᠳᠤ ᠠᠽᠢᠶ᠎ᠠ ᠶᠢᠨ ᠬᠥᠭᠵᠢᠯ ᠦᠨ ᠪᠠᠩᠬᠢᠨ ᠠᠴᠠ ᠮᠠᠨ ᠤ ᠤᠯᠤᠰ ᠲᠤ ᠨᠡᠶᠢᠲᠡ 2.3 ᠲᠡᠷᠪᠤᠮ ᠳ᠋ᠣᠯᠯᠠᠷ ᠤᠨ ᠵᠢᠭᠡᠯᠡ᠂ ᠪᠤᠴᠠᠯᠲᠠ ᠦᠭᠡᠢ ᠲᠤᠰᠠᠯᠠᠮᠵᠢ ᠣᠯᠭᠤᠭᠠᠳ ᠪᠠᠶᠢᠭ᠎ᠠ ᠠᠵᠠᠢ ᠃ ᠬᠠᠷᠢᠨ ᠢᠷᠡᠬᠦ ᠣᠨ ᠳᠤ 443 ᠰᠠᠶ᠎ᠠ᠂ 2020 ᠣᠨ ᠳᠤ 202 ᠰᠠᠶ᠎ᠠ ᠳ᠋ᠣᠯᠯᠠᠷ ᠢ ᠡᠨᠡ ᠴᠢᠭᠯᠡᠯ ᠳᠦ ᠵᠠᠷᠤᠴᠠᠭᠤᠯᠬᠤ ᠪᠠᠷ ᠲᠥᠯᠥᠪᠯᠡᠵᠡᠢ᠃ ᠲᠤᠬᠠᠶᠢᠯᠠᠪᠠᠯ᠂ ᠡᠨᠡ ᠣᠨ ᠤ ᠳᠦᠷᠪᠡᠳᠦᠭᠡᠷ ᠤᠯᠠᠷᠢᠯ ᠤᠨ ᠪᠠᠶᠢᠳᠠᠯ ᠢᠶᠠᠷ 2.14 ᠲᠡᠷᠪᠤᠮ ᠳ᠋ᠣᠯᠯᠠᠷ ᠤᠨ ᠬᠥᠩᠭᠡᠯᠡᠯᠲᠡ ᠲᠡᠢ ᠵᠢᠭᠡᠯᠡ᠂ 103.8 ᠰᠠᠶ᠎ᠠ ᠳ᠋ᠣᠯᠯᠠᠷ ᠤᠨ ᠲᠧᠭᠨᠢᠭ ᠦᠨ ᠪᠤᠴᠠᠯᠲᠠ ᠦᠭᠡᠢ ᠲᠤᠰᠠᠯᠠᠮᠵᠢ᠂ 94.5 ᠰᠠᠶ᠎ᠠ ᠳ᠋ᠣᠯᠯᠠᠷ ᠤᠨ ᠵᠠᠰᠠᠭ ᠤᠨ ᠭᠠᠵᠠᠷ ᠤᠨ ᠪᠤᠰᠤ ᠵᠢᠭᠡᠯᠡ ᠣᠯᠭᠤᠵᠠᠢ᠃ ᠲᠡᠭᠦᠨᠴᠢᠯᠡᠨ ᠶᠠᠳᠠᠭᠤᠷᠠᠯ ᠢ ᠪᠠᠭᠤᠷᠠᠭᠤᠯᠬᠤ ᠶᠠᠫᠣᠨ ᠤ ᠰᠠᠩ ᠠᠴᠠ 101.5 ᠰᠠᠶ᠎ᠠ ᠳ᠋ᠣᠯᠯᠠᠷ ᠲᠠᠢ ᠲᠡᠩᠴᠡᠬᠦ ᠪᠤᠴᠠᠯᠲᠠ ᠦᠭᠡᠢ ᠲᠤᠰᠠᠯᠠᠮᠵᠢ ᠶᠢᠨ ᠰᠠᠩᠬᠦᠦᠵᠢᠯᠲᠡ ᠦᠵᠡᠭᠦᠯᠦᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ