ᠵ∙ᠪᠠᠲᠤᠽᠠᠨᠳᠠᠨ ᠢ ᠨᠠᠮ ᠠᠴᠠ ᠨᠢ ᠬᠦᠭᠡᠭᠡᠯ᠎ᠡ | News.MN

ᠵ∙ᠪᠠᠲᠤᠽᠠᠨᠳᠠᠨ ᠢ ᠨᠠᠮ ᠠᠴᠠ ᠨᠢ ᠬᠦᠭᠡᠭᠡᠯ᠎ᠡ

ᠠᠷᠠᠳᠴᠢᠯᠠᠭᠰᠠᠨ ᠨᠠᠮ ᠤᠨ ᠦᠨᠳᠦᠰᠦᠨ ᠳᠦᠷᠢᠮ ᠦᠨ ᠬᠣᠷᠢᠶ᠎ᠠ ᠥᠨᠥᠳᠥᠷ  ︵2018.12.03︶ ᠬᠤᠷᠠᠯᠳᠤᠯ᠎ᠠ ᠃ ᠬᠤᠷᠠᠯᠳᠤᠭᠠᠨ ᠤ ᠰᠢᠢᠳᠪᠦᠷᠢ ᠶᠢ ᠤᠯᠤᠰ ᠤᠨ ᠶᠡᠬᠡ ᠬᠤᠷᠠᠯ ᠳ᠋ᠡᠬᠢ  ᠠᠷᠠᠳᠴᠢᠯᠠᠭᠰᠠᠨ ᠨᠠᠮ ᠍ ᠤᠨ ᠪᠦᠯᠦᠭ ᠲᠠᠨᠢᠯᠴᠠᠭᠤᠯᠪᠠ ᠃ ᠲᠤᠰ ᠬᠤᠷᠠᠯ ᠢᠶᠠᠷ ᠤᠯᠤᠰ ᠤᠨ ᠶᠡᠬᠡ ᠬᠤᠷᠠᠯ ᠳ᠋ᠡᠬᠢ ᠠᠷᠠᠳᠴᠢᠯᠠᠭᠰᠠᠨ ᠨᠠᠮ ᠤᠨ ᠪᠦᠯᠦᠭ ᠦᠨ ᠭᠡᠰᠢᠭᠦᠨ ᠵ∙ᠪᠠᠲᠤᠽᠠᠨᠳᠠᠨ᠂ ᠯ∙ᠪᠣᠯᠣᠳ᠂ ᠳ∙ᠮᠤᠷᠠᠲ ᠨᠠᠷ ᠲᠤ ᠤᠯᠤᠰ ᠲᠥᠷᠥ ᠶᠢᠨ ᠬᠠᠷᠢᠭᠤᠴᠠᠯᠭ᠎ᠠ ᠲᠣᠭᠠᠴᠠᠬᠤ ᠰᠢᠢᠳᠪᠦᠷᠢ ᠶᠢ ᠭᠠᠷᠭᠠᠭᠰᠠᠨ ᠪᠠᠶᠢᠨ᠎ᠠ᠃ ᠲᠣᠳᠣᠷᠠᠭᠤᠯᠪᠠᠯ᠂ ᠤᠯᠤᠰ ᠤᠨ ᠶᠡᠬᠡ ᠬᠤᠷᠠᠯ  ᠤᠨ ᠭᠡᠰᠢᠭᠦᠨ ᠵ∙ᠪᠠᠲᠤᠽᠠᠨᠳᠠᠨ ᠢ  ᠨᠠᠮ ᠡᠴᠡ ᠨᠢ  ᠬᠦᠭᠡᠭᠡᠬᠦ ᠰᠢᠢᠳᠪᠦᠷᠢ ᠶᠢ ᠭᠠᠷᠭᠠᠵᠤ᠂ ᠬᠠᠷᠢᠨ ᠤᠯᠤᠰ ᠤᠨ ᠶᠡᠬᠡ ᠬᠤᠷᠠᠯ ᠶᠢᠨ ᠭᠡᠰᠢᠭᠦᠨ ᠯ∙ ᠪᠣᠯᠣᠳ᠂ ᠳ∙ᠮᠤᠷᠠᠲ ᠢ ᠳᠥᠷᠪᠡ ᠬᠦᠷᠲᠡᠯᠡᠬᠢ ᠵᠢᠯ ᠦᠨ ᠬᠤᠭᠤᠴᠠᠭᠠᠨ ᠳᠤ ᠰᠣᠩᠭᠣᠭᠤᠯᠢ ᠳᠤ ᠨᠡᠷ᠎ᠡ ᠳᠡᠪᠰᠢᠬᠦ ᠡᠷᠬᠡ ᠶᠢ ᠨᠢ ᠬᠠᠰᠤᠯ᠎ᠠ ᠃ ᠲᠡᠳᠡᠨ ᠢ ᠨᠠᠮ ᠤᠨ ᠪᠣᠳᠣᠯᠭ᠎ᠠ ᠶᠢᠨ ᠡᠰᠡᠷᠭᠦ ᠪᠠᠶᠢᠵᠤ ᠂ ᠶᠡᠷᠦᠩᠬᠡᠢ ᠰᠠᠶᠢᠳ ᠢ ᠠᠪᠴᠤ  ᠦᠯᠡᠳᠡᠬᠦ ᠰᠠᠨᠠᠯ ᠥᠭᠴᠦ ᠨᠠᠮ ᠤᠨ ᠳᠦᠷᠢᠮ ᠢᠶᠡᠨ ᠵᠥᠷᠢᠴᠡᠭᠰᠡᠨ ᠭᠡᠵᠦ ᠦᠵᠡᠵᠦ ᠪᠠᠶᠢᠭ᠎ᠠ ᠶᠤᠮ᠃
ᠱ•ᠠᠳᠢᠶᠠᠮ᠎ᠠ

ᠰᠡᠳᠬᠢᠭᠳᠡᠯ ᠦᠯᠡᠳᠡᠭᠡᠬᠦ