ᠮᠣᠲ᠋ᠣᠼᠢᠺᠠᠯ ᠤᠨᠠᠬᠤ ᠶᠢ ᠬᠤᠷᠢᠭᠯᠠᠪᠠ | News.MN

ᠮᠣᠲ᠋ᠣᠼᠢᠺᠠᠯ ᠤᠨᠠᠬᠤ ᠶᠢ ᠬᠤᠷᠢᠭᠯᠠᠪᠠ

ᠣᠷᠬᠣᠨ ᠠᠶᠢᠮᠠᠭ ᠤᠨ ᠵᠠᠰᠠᠭ ᠳᠠᠷᠤᠭ᠎ᠠ ᠵᠠᠬᠢᠷᠤᠮᠵᠢ ᠭᠠᠷᠭᠠᠨ᠂ ᠬᠣᠶᠠᠷ ᠪᠠ ᠭᠤᠷᠪᠠᠨ ᠳᠤᠭᠤᠶᠢᠲᠤ ᠲᠡᠭᠡᠭᠡᠪᠦᠷᠢ ᠶᠢᠨ ᠬᠡᠷᠡᠭᠰᠡᠯ ᠢᠶᠡᠷ ᠵᠠᠮ ᠤᠨ ᠬᠥᠳᠡᠯᠭᠡᠭᠡᠨ ᠳᠦ ᠣᠷᠣᠯᠴᠠᠬᠤ ᠶᠢ ᠬᠣᠷᠢᠭᠯᠠᠵᠠᠢ᠃ ᠡᠯ᠎ᠡ ᠵᠠᠬᠢᠷᠤᠮᠵᠢ ᠶᠢ ᠥᠩᠭᠡᠷᠡᠭᠰᠡᠨ ᠠᠷᠪᠠᠨ ᠨᠢᠭᠡᠳᠦᠭᠡᠷ ᠰᠠᠷ᠎ᠠ ᠶᠢᠨ 30 ᠍ ᠳᠦ ᠭᠠᠷᠭᠠᠭᠰᠠᠨ ᠪᠠᠶᠢᠨ᠎ᠠ᠃ ᠵᠠᠮ ᠤᠨ ᠬᠥᠳᠡᠯᠭᠡᠭᠡᠨ ᠦ ᠠᠶᠤᠯ ᠦᠭᠡᠢ ᠪᠠᠶᠢᠳᠠᠯ ᠢ ᠬᠠᠩᠭᠠᠬᠤ ᠵᠣᠷᠢᠯᠭ᠎ᠠ ᠪᠠᠷ ᠭᠠᠷᠭᠠᠭᠰᠠᠨ ᠳᠡᠭᠡᠷᠡᠬᠢ ᠵᠠᠬᠢᠷᠤᠮᠵᠢ 2018 ᠣᠨ ᠤ ᠠᠷᠪᠠᠨ ᠬᠣᠶᠠᠳᠤᠭᠠᠷ ᠰᠠᠷ᠎ᠠ ᠶᠢᠨ 1 ᠍ ᠡᠴᠡ 2019 ᠣᠨ ᠤ ᠳᠥᠷᠪᠡᠳᠦᠭᠡᠷ ᠰᠠᠷ᠎ᠠ ᠶᠢᠨ 1 ᠍ ᠬᠦᠷᠲᠡᠯᠡᠬᠢ ᠬᠤᠭᠤᠴᠠᠭᠠᠨ ᠳᠤ ᠬᠡᠷᠡᠭᠵᠢᠨ᠎ᠡ᠃ ᠥᠭᠡᠷ᠎ᠡ ᠪᠡᠷ ᠬᠡᠯᠡᠪᠡᠯ᠂ ᠡᠨᠡ ᠬᠤᠭᠤᠴᠠᠭᠠᠨ ᠳᠤ ᠮᠣᠲ᠋ᠣᠼᠢᠺᠠᠯ᠂ ᠱᠠᠬᠠᠢ ᠪᠠᠷ ᠲᠡᠭᠡᠭᠡᠪᠦᠷᠢ ᠶᠢᠨ ᠬᠡᠷᠡᠭᠰᠡᠯ ᠦᠨ ᠬᠥᠳᠡᠯᠭᠡᠭᠡᠨ ᠳᠦ ᠣᠷᠣᠯᠴᠠᠬᠤ ᠶᠢ  ᠲᠦᠷ ᠬᠤᠭᠤᠴᠠᠭ᠎ᠠ ᠪᠠᠷ ᠬᠣᠷᠢᠭᠯᠠᠭᠠᠳ ᠪᠠᠶᠢᠨ᠎ᠠ᠃
ᠣᠷᠣᠨ ᠨᠤᠲᠤᠭ ᠲᠤ ᠲᠡᠷᠡ ᠳᠤᠮᠳᠠ ᠪᠠᠨ ᠮᠠᠯᠴᠢᠳ ᠡᠪᠦᠯ ᠦᠨ ᠤᠯᠠᠷᠢᠯ ᠳᠤ ᠮᠣᠲ᠋ᠣᠼᠢᠺᠠᠯ ᠢᠶᠠᠷ ᠶᠠᠪᠤᠵᠤ ᠪᠠᠶᠢᠭᠠᠳ ᠪᠡᠷᠲᠡᠵᠦ  ᠭᠡᠮᠲᠦᠬᠦ ᠂ ᠠᠮᠢ ᠨᠠᠰᠤ ᠪᠠᠨ ᠠᠯᠳᠠᠬᠤ ᠲᠣᠬᠢᠶᠠᠯᠳᠤᠯ ᠣᠯᠠᠨ ᠭᠠᠷᠬᠤ ᠪᠣᠯᠤᠭᠰᠠᠨ᠃ ᠡᠶᠢᠮᠦ ᠡᠴᠡ ᠠᠶᠢᠮᠠᠭ ᠤᠨ ᠵᠠᠰᠠᠭ ᠳᠠᠷᠤᠭ᠎ᠠ ᠮᠣᠲ᠋ᠣᠼᠢᠺᠠᠯ ᠢᠶᠡᠷ ᠵᠠᠮ ᠲᠡᠭᠡᠭᠡᠪᠦᠷᠢ ᠶᠢᠨ ᠬᠥᠳᠡᠯᠭᠡᠭᠡᠨ ᠳᠦ ᠣᠷᠣᠯᠴᠠᠬᠤ ᠶᠢ  ᠲᠦᠷ ᠬᠤᠭᠤᠴᠠᠭ᠎ᠠ ᠪᠠᠷ ᠬᠤᠷᠢᠭᠯᠠᠬᠤ ᠰᠢᠢᠳᠪᠦᠷᠢ ᠶᠢ ᠭᠠᠷᠭᠠᠳᠠᠭ ᠪᠣᠯᠤᠭᠰᠠᠨ ᠶᠤᠮ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

ᠫᠦᠱᠺᠢᠨ 2018-12-03 65.49.68.200

ᠮᠣᠲ᠋ᠣᠼᠢᠺᠠᠯ ᠤᠨᠤᠬᠤ ᠰᠢᠦ᠃ ᠤᠨᠠᠬᠤ ᠭᠡᠭᠰᠡᠭᠡᠷ ᠮᠣᠲ᠋ᠣᠼᠢᠺᠠᠯ ᠡᠴᠡ ᠤᠨᠠᠬᠤ ᠭᠡᠪᠡᠯ ᠵᠦᠢᠲᠡᠢ᠃