《ᠮᠥᠩᠬᠡ ᠲᠩᠷᠢ ᠶᠢᠨ ᠪᠢᠴᠢᠭ ᠮᠢᠨᠢ》 ᠪᠥᠰᠡ ᠶᠢᠨ ᠤᠷᠤᠯᠳᠤᠭᠠᠨ ᠪᠣᠯᠤᠯ᠎ᠠ | News.MN

《ᠮᠥᠩᠬᠡ ᠲᠩᠷᠢ ᠶᠢᠨ ᠪᠢᠴᠢᠭ ᠮᠢᠨᠢ》 ᠪᠥᠰᠡ ᠶᠢᠨ ᠤᠷᠤᠯᠳᠤᠭᠠᠨ ᠪᠣᠯᠤᠯ᠎ᠠ

《ᠮᠣᠩᠭᠣᠯ ᠪᠢᠴᠢᠭ ᠦᠨ ᠦᠨᠳᠦᠰᠦᠨ ᠦ ᠬᠥᠲᠦᠯᠪᠦᠷᠢ –2 》᠂ ︽ᠮᠣᠩᠭᠣᠯ ᠬᠡᠯᠡᠨ ᠦ  ᠲᠤᠬᠠᠢ ︾ ᠬᠠᠤᠯᠢ ᠶᠢ ᠬᠡᠷᠡᠭᠵᠢᠭᠦᠯᠬᠦ ᠠᠵᠢᠯ ᠤᠨ ᠬᠦᠷᠢᠶᠡᠨ ᠳᠦ ᠪᠦᠰᠡ ᠶᠢᠨ ᠬᠡᠮᠵᠢᠶᠡᠨ ᠳᠦ ᠦᠨᠳᠦᠰᠦᠨ ᠦ ᠪᠢᠴᠢᠭ ᠦᠨ ᠬᠡᠷᠡᠭᠯᠡᠭᠡ ᠶᠢ ᠨᠡᠮᠡᠭᠳᠡᠭᠦᠯᠬᠦ᠂ ᠤᠷᠠᠨ ᠪᠢᠴᠢᠯᠭᠡ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠲᠡᠳᠡᠨ ᠦ ᠪᠦᠲᠦᠭᠡᠯ ᠢ ᠰᠤᠷᠲᠠᠯᠴᠢᠯᠠᠬᠤ᠂ ᠳᠡᠮᠵᠢᠬᠦ᠂ ᠲᠤᠷᠰᠢᠯᠭ᠎ᠠ ᠰᠣᠯᠢᠯᠴᠠᠬᠤ ᠵᠣᠷᠢᠯᠭ᠎ᠠ ᠲᠠᠢ ᠪᠦᠰᠡ ᠶᠢᠨ ᠠᠪᠤᠷᠭᠤ ᠰᠢᠯᠭᠠᠷᠠᠭᠤᠯᠬᠤ ᠮᠣᠩᠭᠣᠯ ᠪᠢᠴᠢᠭ ᠦᠨ ᠺᠠᠯᠢᠭᠷᠠᠹᠢ ᠶᠢᠨ ᠪᠦᠲᠦᠭᠡᠯ ᠦᠨ ᠤᠷᠤᠯᠳᠤᠭᠠᠨ ᠳᠠᠷᠬᠠᠨ-ᠠᠭᠤᠯᠠ ᠠᠶᠢᠮᠠᠭ ᠲᠤ ᠪᠣᠯᠤᠯ᠎ᠠ᠃
ᠲᠤᠰ ᠲᠡᠮᠡᠴᠡᠭᠡᠨ ᠢ ᠳᠠᠷᠬᠠᠨ ᠰᠤᠮᠤ ᠶᠢᠨ ᠨᠢᠭᠡᠳᠦᠭᠡᠷ ᠰᠤᠷᠭᠠᠭᠤᠯᠢ ᠶᠢᠨ ᠲᠡᠦᠬᠡ᠂ ᠨᠡᠶᠢᠭᠡᠮ ᠤᠨ ᠤᠬᠠᠭᠠᠨ ᠤ ᠪᠠᠭᠰᠢ ᠰ∙ᠪᠤᠶᠠᠨᠵᠢᠷᠭᠠᠯ ᠰᠠᠨᠠᠭᠠᠴᠢᠯᠠᠨ ᠱᠠᠪᠢ ᠨᠠᠷ ᠲᠠᠢ ᠪᠠᠨ ᠬᠠᠮᠲᠤᠷᠠᠨ ᠵᠣᠬᠢᠶᠠᠨ ᠪᠠᠶᠢᠭᠤᠯᠵᠤ᠂ ᠪᠤᠯᠠᠭᠠᠨ᠂ ᠡᠷᠳᠡᠨᠢᠲᠦ᠂ ᠰᠡᠯᠡᠩᠭᠡ᠂ ᠳᠠᠷᠬᠠᠨ-ᠠᠭᠤᠯᠠ ᠠᠶᠢᠮᠠᠭ ᠤᠨ 16 ᠰᠤᠷᠤᠭᠴᠢ᠂ 8 ᠪᠠᠭᠰᠢ ᠤᠷ᠎ᠠ ᠴᠢᠳᠠᠪᠤᠷᠢ ᠪᠠᠷ ᠢᠶᠠᠨ ᠥᠷᠢᠰᠦᠯᠳᠦᠵᠡᠢ᠃
ᠰᠤᠷᠤᠭᠴᠢᠳ ᠤᠨ ᠲᠥᠷᠥᠯ ᠳᠦ ᠰᠡᠯᠡᠩᠭᠡ ᠠᠶᠢᠮᠠᠭ ᠤᠨ ᠰᠤᠷᠤᠭᠴᠢ ᠰ∙ᠮᠦᠩᠬᠡᠵᠤᠯᠠ ᠲᠡᠷᠢᠭᠦᠯᠡᠵᠦ ᠂ ᠪᠠᠭᠰᠢ ᠨᠠᠷ ᠤᠨ ᠲᠥᠷᠥᠯ ᠳᠦ ᠨᠢᠭᠡᠳᠦᠭᠡᠷ ᠪᠠᠶᠢᠷᠢ ᠳᠤ ᠪᠤᠯᠠᠭᠠᠨ ᠠᠶᠢᠮᠠᠭ ᠤᠨ ᠪᠠᠭᠰᠢ ᠳ∙ᠮᠥᠩᠬᠡᠴᠢᠮᠡᠭ ᠤᠷᠤᠵᠠᠢ ᠃

ᠰᠡᠳᠬᠢᠭᠳᠡᠯ ᠦᠯᠡᠳᠡᠭᠡᠬᠦ