ᠮᠡᠳᠡᠭᠡᠯᠡᠯ ᠢ ᠮᠠᠯᠴᠢᠳ ᠲᠤ ᠮᠧᠰᠰᠧᠵᠢ ᠪᠡᠷ ᠬᠦᠷᠭᠡᠨ᠎ᠡ | News.MN

ᠮᠡᠳᠡᠭᠡᠯᠡᠯ ᠢ ᠮᠠᠯᠴᠢᠳ ᠲᠤ ᠮᠧᠰᠰᠧᠵᠢ ᠪᠡᠷ ᠬᠦᠷᠭᠡᠨ᠎ᠡ

ᠤᠯᠤᠰ ᠤᠨ ᠬᠡᠮᠵᠢᠶᠡᠨ ᠳᠦ ᠥᠨᠥᠳᠥᠷ ᠦᠨ ᠪᠠᠶᠢᠳᠠᠯ ᠢᠶᠠᠷ ᠮᠠᠯᠴᠢᠳ ᠲᠤ ᠴᠠᠭ ᠠᠭᠠᠷ ᠤᠨ ᠮᠡᠳᠡᠭᠡᠯᠡᠯ ᠢ ᠤᠲᠠᠰᠤᠨ ᠤ ᠮᠧᠰᠰᠧᠵᠢ ᠪᠡᠷ ᠬᠦᠷᠭᠡᠵᠦ ᠪᠠᠶᠢᠭ᠎ᠠ ᠪᠣᠯ ᠢᠷᠡᠬᠦ ᠣᠨ ᠠᠴᠠ ᠮᠠᠯ ᠪᠣᠯᠤᠨ ᠮᠠᠯ ᠤᠨ ᠲᠦᠭᠦᠬᠡᠢ ᠡᠳ᠋᠂  ᠬᠦᠳᠡᠭᠡ ᠠᠵᠤ ᠠᠬᠤᠢ ᠶᠢᠨ  ᠪᠦᠲᠦᠭᠡᠭᠳᠡᠬᠦᠨ ᠦ ᠦᠨ᠎ᠡ ᠶᠢ ᠮᠥᠨ ᠮᠧᠰᠰᠧᠵᠢ ᠪᠡᠷ ᠬᠦᠷᠭᠡᠳᠡᠭ ᠪᠣᠯᠤᠨ᠎ᠠ᠃
ᠡᠨᠡ ᠲᠠᠯ᠎ᠠ ᠪᠠᠷ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶᠠᠨ ᠤ ᠳᠠᠷᠤᠭ᠎ᠠ ᠠ᠊∙ᠠᠷᠢᠭᠤᠨᠵᠠᠶᠠᠭ᠎ᠠ ᠥᠨᠥᠳᠥᠷ ᠳᠡᠯᠡᠬᠡᠢ ᠶᠢᠨ ᠬᠦᠨᠡᠰᠦᠨ ᠦ ᠬᠥᠲᠥᠯᠪᠦᠷᠢ ᠶᠢᠨ ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠬᠦᠨᠡᠰᠦᠨ ᠦ  ᠠᠶᠤᠯᠭᠦᠢ ᠪᠠᠶᠢᠳᠠᠯ ᠤᠨ ᠬᠢᠨᠠᠯᠲᠠ ᠬᠠᠷᠢᠭᠤᠴᠠᠭᠰᠠᠨ ᠮᠡᠷᠭᠡᠵᠢᠯᠲᠡᠨ ᠳ᠋ᠠᠷᠺᠤ ᠫᠧᠲ᠋ᠷᠣᠸᠢᠴ ᠨᠠᠷ ᠲᠠᠢ ᠠᠭᠤᠯᠵᠠᠯ᠎ᠠ᠃ ᠠᠭᠤᠯᠵᠠᠯᠲᠠ ᠪᠠᠷ ᠮᠠᠯ ᠤᠨ ᠪᠣᠯᠤᠨ ᠮᠠᠯ ᠤᠨ ᠲᠦᠭᠦᠬᠡᠢ ᠡᠳ᠋᠂ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠦ ᠦᠨ᠎ᠡ ᠶᠢ ᠮᠠᠯᠴᠢᠳ ᠲᠤ ᠮᠧᠰᠰᠧᠵᠢ ᠪᠡᠷ  ᠬᠦᠷᠭᠡᠬᠦ ᠲᠠᠯ᠎ᠠ ᠪᠠᠷ ᠰᠠᠨᠠᠯ ᠰᠣᠯᠢᠯᠴᠠᠵᠤ᠂ ᠬᠠᠮᠲᠤᠷᠠᠨ ᠠᠵᠢᠯᠯᠠᠬᠤ  ᠲᠤᠬᠠᠢ ᠶᠠᠷᠢᠯᠴᠠᠭᠰᠠᠨ ᠶᠤᠮ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Нэргүй 2018-12-04 144.202.59.249

goy bn