ᠰᠫᠣᠷᠲ ᠤᠨ ᠰᠢᠯᠢᠳᠡᠭ ᠦᠳ ᠡᠨᠡ ᠰᠠᠷ᠎ᠠ ᠶᠢᠨ 14 ᠍ ᠳᠦ ᠲᠣᠳᠣᠷᠠᠨ᠎ᠠ | News.MN

ᠰᠫᠣᠷᠲ ᠤᠨ ᠰᠢᠯᠢᠳᠡᠭ ᠦᠳ ᠡᠨᠡ ᠰᠠᠷ᠎ᠠ ᠶᠢᠨ 14 ᠍ ᠳᠦ ᠲᠣᠳᠣᠷᠠᠨ᠎ᠠ

ᠰᠫᠣᠷᠲ ᠤᠨ ᠰᠠᠯᠪᠤᠷᠢ ᠶᠢᠨ ᠰᠢᠯᠢᠳᠡᠭ ᠦᠳ ᠢ ᠲᠣᠳᠣᠷᠠᠭᠤᠯᠳᠠᠭ ︽ᠪᠥᠷᠲᠡ ᠴᠢᠨᠣ᠎ᠠ︾ ᠨᠠᠭᠠᠳᠤᠮ ᠤᠨ ᠶᠣᠰᠣᠯᠠᠯ ᠬᠦᠨᠳᠦᠳᠬᠡᠯ ᠦᠨ ᠠᠷᠭ᠎ᠠ ᠬᠡᠮᠵᠢᠶ᠎ᠡ ᠡᠨᠡ ᠰᠠᠷ᠎ᠠ ᠶᠢᠨ 14 ᠍ ᠳᠦ ᠰᠤᠶᠤᠯ ᠤᠨ ᠲᠥᠪ ᠥᠷᠭᠦᠭᠡᠨ ᠳᠦ ᠪᠤᠯᠤᠨ᠎ᠠ ᠃ ᠮᠣᠩᠭᠣᠯ ᠤᠨ ᠦᠨᠳᠦᠰᠦᠨ ᠦ ᠣᠯᠢᠮᠫ ᠤᠨ ᠬᠣᠷᠢᠶᠠᠨ ᠤ ᠲᠡᠷᠢᠭᠦᠨ ᠳᠡᠭᠡᠳᠦ ᠱᠠᠩᠨᠠᠯ ᠭᠠᠷᠳᠠᠭᠤᠯᠬᠤ ᠡᠨᠡᠬᠦ ᠶᠣᠰᠣᠯᠠᠯ ᠤᠨ ᠦᠶ᠎ᠡ ᠪᠡᠷ ᠣᠨ ᠤ ᠰᠢᠯᠢᠳᠡᠭ ᠲᠠᠮᠢᠷᠴᠢᠨ᠂ ᠳᠠᠰᠬᠠᠯᠵᠢᠭᠤᠯᠤᠭᠴᠢ᠂ ᠪᠠᠭ᠂ ᠰᠫᠣᠷᠲ ᠬᠣᠯᠪᠣᠭ᠎ᠠ᠂ ᠣᠯᠢᠮᠫ ᠤᠨ ᠵᠥᠪᠯᠡᠯ ᠢ ᠲᠣᠳᠣᠷᠠᠭᠤᠯᠳᠠᠭ ᠤᠯᠠᠮᠵᠢᠯᠠᠯ ᠲᠠᠢ᠃
ᠡᠨᠡ ᠵᠢᠯ ᠦᠨ ᠬᠤᠪᠢ ᠳᠤ ᠮᠠᠨ ᠤ ᠲᠠᠮᠢᠷᠴᠢᠳ ᠲᠢᠪ ᠳᠡᠯᠡᠬᠡᠢ ᠪᠣᠯᠤᠨ ᠣᠯᠠᠨ ᠤᠯᠤᠰ ᠤᠨ ᠬᠡᠮᠵᠢᠶᠡᠨ ᠦ ᠲᠣᠮᠣᠬᠠᠨ ᠲᠡᠮᠡᠴᠡᠭᠡᠨ ᠨᠦᠭᠦᠳ ᠲᠦ ᠲᠣᠭᠲᠠᠮᠠᠯ ᠠᠮᠵᠢᠯᠲᠠᠲᠠᠢ ᠣᠷᠣᠯᠴᠠᠭᠰᠠᠨ᠃ ᠡᠶᠢᠮᠦ ᠳᠦ ᠰᠢᠯᠢᠳᠡᠭ ᠲᠠᠮᠢᠷᠴᠢᠨ ᠤ ᠰᠢᠯᠭᠠᠷᠠᠭᠤᠯᠤᠯᠲᠠ ᠲᠤᠩ ᠥᠷᠢᠰᠦᠯᠳᠦᠭᠡᠨ ᠲᠡᠢ ᠪᠣᠯᠬᠤ ᠨᠢ ᠳᠠᠮᠵᠢᠭ ᠦᠭᠡᠢ ᠭᠡᠳᠡᠭ ᠢ ᠬᠣᠯᠪᠣᠭᠳᠠᠬᠤ ᠬᠦᠮᠦᠰ ᠬᠡᠯᠡᠵᠡᠢ᠃ ᠳᠠᠰᠢᠷᠠᠮ ᠳᠤ ᠳᠤᠷᠠᠳᠬᠤ ᠳᠤ᠂ ᠥᠩᠭᠡᠷᠡᠭᠰᠡᠨ ᠵᠢᠯ ᠦᠨ ᠰᠢᠯᠢᠳᠡᠭ ᠦᠨ ᠰᠢᠯᠢᠳᠡᠭ ᠲᠠᠮᠢᠷᠴᠢᠨ ᠢᠶᠠᠷ ᠳ∙ᠣᠳᠬᠣᠨᠳᠠᠯᠠᠢ᠂ ᠳ∙ᠰᠤᠮᠢᠶ᠎ᠠ ᠨᠠᠷ ᠰᠢᠯᠭᠠᠷᠠᠵᠤ  ᠪᠠᠶᠢᠭᠰᠠᠨ ᠶᠤᠮ᠃

ᠰᠡᠳᠬᠢᠭᠳᠡᠯ ᠦᠯᠡᠳᠡᠭᠡᠬᠦ