ᠰ∙ᠡᠷᠳᠡᠨᠢ ᠭᠤᠷᠪᠠᠨ ᠳᠡᠳ᠋ ᠳᠠᠷᠤᠭ᠎ᠠ ᠲᠠᠢ ᠪᠣᠯᠪᠠ | News.MN

ᠰ∙ᠡᠷᠳᠡᠨᠢ ᠭᠤᠷᠪᠠᠨ ᠳᠡᠳ᠋ ᠳᠠᠷᠤᠭ᠎ᠠ ᠲᠠᠢ ᠪᠣᠯᠪᠠ

ᠲᠥᠷᠥ ᠶᠢᠨ ᠣᠷᠳᠣᠨ ᠳᠤ ᠪᠣᠯᠵᠤ ᠪᠤᠢ ᠠᠷᠠᠳᠴᠢᠯᠠᠭᠰᠠᠨ ᠨᠠᠮ ᠍ ᠤᠨ ᠦᠨᠳᠦᠰᠦᠨ ᠦ ᠪᠣᠳᠣᠯᠭ᠎ᠠ ᠶᠢᠨ ᠬᠣᠷᠢᠶᠠᠨ ᠤ ᠬᠤᠷᠠᠯᠳᠤᠭᠠᠨ ᠢᠶᠠᠷ ᠨᠠᠮ ᠤᠨ ᠳᠡᠳ᠋ ᠳᠠᠷᠤᠭ᠎ᠠ ᠨᠠᠷ ᠢᠶᠠᠨ ᠰᠣᠩᠭᠣᠵᠤ ᠪᠠᠲᠤᠯᠠᠯ᠎ᠠ᠃ ᠲᠤᠰ ᠨᠠᠮ ᠨᠢ ᠵᠢᠷᠭᠤᠭᠠᠨ ᠳᠡᠳ᠋ ᠳᠠᠷᠤᠭ᠎ᠠ ᠲᠠᠢ ᠪᠠᠶᠢᠬᠤ ᠪᠠᠷ ᠲᠣᠭᠲᠠᠵᠤ᠂ ᠥᠨᠥᠳᠥᠷ ᠭᠤᠷᠪᠠ ᠶᠢ ᠨᠢ ᠪᠠᠲᠤᠯᠠᠭᠰᠠᠨ ᠶᠤᠮ᠃ ᠳᠡᠳ᠋ ᠳᠠᠷᠤᠭ᠎ᠠ ᠨᠠᠷ ᠢ ᠳᠦᠷᠢᠮ ᠦᠨ ᠳᠠᠭᠠᠤ ᠨᠠᠮ ᠤᠨ ᠳᠠᠷᠤᠭ᠎ᠠ ᠰ∙ᠡᠷᠳᠡᠨᠢ ᠰᠠᠨᠠᠯ ᠪᠣᠯᠭᠠᠭᠰᠠᠨ ᠢᠶᠠᠷ ᠨᠠᠮ ᠤᠨ  ᠦᠨᠳᠦᠰᠦᠨ ᠦ ᠪᠤᠳᠤᠯᠭ᠎ᠠ ᠶᠢᠨ ᠬᠤᠷᠢᠶᠠᠨ ᠤ ᠭᠡᠰᠢᠭᠦᠳ ᠦᠨ ᠳᠡᠶᠢᠯᠦᠩᠬᠢ ᠨᠢ ᠳᠡᠮᠵᠢᠭᠰᠡᠨ ᠪᠠᠶᠢᠨ᠎ᠠ᠃

ᠲᠣᠳᠣᠷᠠᠭᠤᠯᠪᠠᠯ᠂ᠤᠯᠤᠰ ᠲᠥᠷᠥ ᠭᠠᠳᠠᠭᠠᠳᠤ ᠬᠠᠷᠢᠯᠴᠠᠭ᠎ᠠ ᠬᠠᠷᠢᠭᠤᠴᠠᠭᠰᠠᠨ ᠳᠡᠳ᠋ ᠳᠠᠷᠤᠭ᠎ᠠ ᠪᠠᠷ ᠷ∙ᠠᠮᠤᠷᠵᠢᠷᠭᠠᠯ᠂ ᠰᠠᠩᠬᠦᠦ ᠡᠳ᠋ ᠍ ᠦᠨ ᠵᠠᠰᠠᠭ᠂ ᠲᠥᠰᠥᠪ ᠬᠠᠷᠢᠭᠤᠴᠠᠭᠰᠠᠨ ᠳᠡᠳ᠋ ᠳᠠᠷᠤᠭ᠎ᠠ ᠪᠠᠷ ᠤᠯᠤᠰ ᠤᠨ ᠶᠡᠬᠡ ᠬᠤᠷᠠᠯ ᠤᠨ ᠭᠡᠰᠢᠭᠦᠨ ᠽ∙ᠨᠠᠷᠠᠨᠲᠤᠶᠠᠭ᠎ᠠ᠂ ᠣᠷᠣᠨ ᠨᠤᠲᠤᠭ ᠤᠨ ᠠᠰᠠᠭᠤᠳᠠᠯ ᠬᠠᠷᠢᠭᠤᠴᠠᠭᠰᠠᠨ ᠳᠡᠳ᠋ ᠳᠠᠷᠤᠭ᠎ᠠ ᠪᠠᠷ ᠪ ∙ᠫᠦᠷᠪᠦᠳᠣᠷᠵᠢ ᠨᠠᠷ ᠠᠵᠢᠯᠯᠠᠬᠤ ᠠᠵᠠᠢ᠃ ᠦᠯᠡᠳᠡᠭᠰᠡᠨ ᠭᠤᠷᠪᠠᠨ ᠳᠡᠳ᠋ ᠳᠠᠷᠤᠭ᠎ᠠ ᠶᠢᠨ ᠠᠰᠠᠭᠤᠳᠠᠯ ᠢ ᠳᠠᠷᠠᠭ᠎ᠠ ᠨᠢ ᠰᠢᠢᠳᠪᠦᠷᠢᠯᠡᠬᠦ ᠪᠡᠷ ᠪᠣᠯᠵᠠᠢ᠃

ᠰᠡᠳᠬᠢᠭᠳᠡᠯ ᠦᠯᠡᠳᠡᠭᠡᠬᠦ