ᠠᠷᠠᠳᠴᠢᠯᠠᠭᠰᠠᠨ ᠨᠠᠮ ᠪᠠᠶᠢᠷᠢ ᠲᠠᠢ ᠪᠣᠯᠤᠨ᠎ᠠ | News.MN

ᠠᠷᠠᠳᠴᠢᠯᠠᠭᠰᠠᠨ ᠨᠠᠮ ᠪᠠᠶᠢᠷᠢ ᠲᠠᠢ ᠪᠣᠯᠤᠨ᠎ᠠ

ᠠᠷᠠᠳᠴᠢᠯᠠᠭᠰᠠᠨ ᠨᠠᠮ ᠤᠨ ᠰᠢᠨ᠎ᠡ ᠪᠠᠶᠢᠷᠢᠨ ᠤ ᠱᠠᠪ ᠲᠠᠯᠪᠢᠬᠤ ᠶᠣᠰᠣᠯᠠᠯ ᠥᠨᠥᠳᠥᠷ ︵2018.12.04 ︶ ᠶᠠᠭᠠᠷᠮᠠᠭ ᠤᠨ ᠳᠡᠨᠵᠢ ᠳᠦ ᠪᠣᠯᠤᠯ᠎ᠠ᠃  ᠶᠣᠰᠣᠯᠠᠯ ᠳᠤ ᠠᠷᠠᠳᠴᠢᠯᠠᠭᠰᠠᠨ ᠨᠠᠮ ᠤᠨ ᠳᠠᠷᠤᠭ᠎ᠠ ᠰ∙ᠡᠷᠳᠡᠨᠢ᠂ ᠤᠯᠤᠰ ᠤᠨ ᠶᠡᠬᠡ ᠬᠤᠷᠠᠯ ᠤᠨ ᠭᠡᠰᠢᠭᠦᠨ ᠪ∙ᠫᠦᠷᠪᠦᠳᠣᠷᠵᠢ᠂ ᠤᠯᠤᠰ ᠤᠨ ᠶᠡᠬᠡ ᠬᠤᠷᠠᠯ ᠦᠨ ᠭᠡᠰᠢᠭᠦᠨ ᠽ∙ᠨᠠᠷᠠᠨᠲᠤᠶᠠᠭ᠎ᠠ᠂ ᠨᠡᠶᠢᠰᠯᠡᠯ ᠦᠨ ᠠᠷᠠᠳᠴᠢᠯᠠᠭᠰᠠᠨ ᠨᠠᠮ ᠤᠨ ᠳᠠᠷᠤᠭ᠎ᠠ ᠳ ∙ ᠪᠠᠲᠤᠲᠤᠯᠭ᠎ᠠ᠂ ᠪᠠᠷᠢᠯᠭ᠎ᠠ ᠶᠢᠨ ᠠᠵᠢᠯ ᠤᠨ ᠭᠦᠢᠴᠡᠳᠬᠡᠭᠴᠢ ︽ᠬᠥᠷᠰᠢ ᠵᠠᠭᠠᠨ︾ ᠺᠣᠮᠫᠠᠨᠢ ᠶᠢᠨ ᠵᠠᠬᠢᠷᠤᠯ ᠂ ᠤᠯᠤᠰ ᠤᠨ ᠶᠡᠬᠡ ᠬᠤᠷᠠᠯ ᠦᠨ ᠭᠡᠰᠢᠭᠦᠨ ᠠᠰᠠᠨ ᠳ∙ᠪᠠᠲᠤᠪᠠᠶᠠᠷ ᠪᠣᠯᠤᠨ ᠠᠯᠪᠠᠨ ᠤ ᠪᠤᠰᠤᠳ ᠬᠦᠮᠦᠰ ᠣᠷᠣᠯᠴᠠᠯ᠎ᠠ᠃
ᠠᠷᠠᠳᠴᠢᠯᠠᠭᠰᠠᠨ ᠨᠠᠮ ᠣᠳᠣ ᠶᠢᠨ ᠪᠠᠶᠢᠳᠠᠯ ᠢᠶᠠᠷ ᠥᠪᠡᠷ ᠦᠨ ᠡᠵᠡᠮᠰᠢᠯ ᠦᠨ ᠪᠠᠷᠢᠯᠭ᠎ᠠ ᠦᠭᠡᠢ ᠪᠥᠭᠡᠳ ᠣᠯᠠᠨ ᠨᠡᠶᠢᠲᠡ ᠲᠡᠢ ᠬᠠᠷᠢᠯᠴᠠᠬᠤ ᠮᠡᠳᠡᠭᠡᠯᠡᠯ ᠦᠨ ᠲᠥᠪ ᠨᠢ ︽ᠰᠢᠨ᠎ᠡ ᠳᠡᠪᠰᠢᠯᠲᠡ ᠬᠣᠯᠪᠣᠭ᠎ᠠ︾

ᠶᠢᠨ ᠪᠠᠶᠢᠷᠢᠨ ᠳᠤ ᠲᠦᠷᠢᠶᠡᠰᠦ ᠪᠡᠷ ᠪᠠᠶᠢᠷᠢᠯᠠᠳᠠᠭ ᠪᠣᠯ ᠨᠠᠮ ᠤᠨ ᠬᠡᠷᠡᠭ ᠡᠷᠬᠢᠯᠡᠬᠦ ᠭᠠᠵᠠᠷ ᠨᠢ  ︽ᠠᠷᠠᠳᠴᠢᠯᠠᠯ ᠤᠨ ᠥᠷᠭᠥᠭᠡ︾ ᠳᠦ ᠤᠷᠤᠰᠬᠠᠯ ᠵᠠᠷᠤᠳᠠᠯ ᠢᠶᠠᠨ ᠲᠥᠯᠥᠨ ᠪᠠᠶᠢᠷᠢᠯᠠᠳᠠᠭ ᠶᠤᠮ᠃  ᠬᠣᠶᠠᠷ ᠵᠢᠯ ᠦᠨ ᠡᠮᠦᠨ᠎ᠡ ᠠᠷᠠᠳᠴᠢᠯᠠᠭᠰᠠᠨ ᠨᠠᠮ ᠤᠨ ᠳᠠᠷᠤᠭ᠎ᠠ ᠶᠢᠨ ᠰᠤᠩᠭᠠᠭ᠎ᠠ ᠣᠷᠣᠨ ᠳᠠᠶᠠᠭᠠᠷ ᠥᠷᠨᠢᠬᠦ ᠳᠦ ᠡᠳᠦᠭᠡ ᠶᠢᠨ ᠠᠷᠠᠳᠴᠢᠯᠠᠭᠰᠠᠨ ᠨᠠᠮ ᠤᠨ ᠳᠠᠷᠤᠭ᠎ᠠ ᠰ∙ᠡᠷᠳᠡᠨᠢ ᠶᠢᠨ ᠮᠥᠷ ᠦᠨ ᠬᠥᠲᠥᠯᠪᠦᠷᠢ ᠳᠦ  ︽ᠨᠠᠮ ᠢᠶᠠᠨ ᠪᠠᠶᠢᠷᠢ ᠲᠠᠢ ᠪᠣᠯᠭᠠᠨ᠎ᠠ︾ ᠭᠡᠰᠡᠨ ᠵᠦᠢᠯ ᠲᠤᠰᠬᠠᠭᠳᠠᠭᠰᠠᠨ ᠪᠠᠶᠢᠭᠰᠠᠨ ᠶᠤᠮ᠃ ᠠᠷᠠᠳᠴᠢᠯᠠᠭᠰᠠᠨ ᠨᠠᠮ ᠤᠨ ᠰᠢᠨ᠎ᠡ ᠪᠠᠶᠢᠷᠢ ᠨᠡᠶᠢᠲᠡ ᠳᠦ ᠪᠡᠨ ᠭᠤᠷᠪᠠᠨ ᠪᠯᠣᠺ ᠠᠴᠠ ᠪᠥᠷᠢᠳᠬᠦ ᠪᠥᠭᠡᠳ 10 ᠳᠠᠪᠬᠤᠷ ᠣᠹᠹᠢᠰ ᠤᠨ ᠪᠠᠶᠢᠷᠢ ᠪᠣᠯᠤᠨ ᠬᠤᠷᠠᠯ ᠤᠨ ᠲᠠᠩᠬᠢᠮ᠂ ᠰᠫᠣᠷᠲ ᠲᠠᠩᠬᠢᠮ ᠠᠴᠠ ᠪᠥᠷᠢᠳᠬᠦ ᠶᠤᠮ᠃ ᠪᠠᠷᠢᠯᠭ᠎ᠠ ᠢᠷᠡᠬᠦ ᠣᠨ ᠤ ᠠᠷᠪᠠᠨ ᠬᠣᠶᠠᠳᠤᠭᠠᠷ ᠰᠠᠷ᠎ᠠ ᠶᠢᠨ 6 ᠤ ᠡᠳᠦᠷ ᠠᠰᠢᠭᠯᠠᠯᠲᠠ ᠳᠤ ᠤᠷᠤᠬᠤ ᠠᠵᠠᠢ ᠃

ᠰᠡᠳᠬᠢᠭᠳᠡᠯ ᠦᠯᠡᠳᠡᠭᠡᠬᠦ