ᠬᠦᠢᠲᠡᠨ ᠦ ᠤᠯᠠᠷᠢᠯ ᠡᠬᠢᠯᠡᠭᠰᠡᠨ ᠲᠡᠢ ᠬᠣᠯᠪᠣᠭᠳᠠᠭᠤᠯᠤᠨ ᠭᠡᠷ ᠣᠷᠣᠨ ᠦᠭᠡᠢ᠂ ᠲᠡᠨᠦᠮᠡᠯ ᠠᠮᠢᠳᠤᠷᠠᠯ ᠲᠠᠢ ᠢᠷᠭᠡᠳ ᠢ ᠪᠣᠯᠵᠣᠰᠢ ᠦᠭᠡᠢ ᠡᠷᠡᠰᠳᠡᠯ ᠡᠴᠡ ᠬᠠᠮᠠᠭᠠᠯᠠᠬᠤ ᠵᠣᠷᠢᠯᠭ᠎ᠠ ᠪᠠᠷ ᠨᠡᠶᠢᠰᠯᠡᠯ ᠦᠨ ᠵᠠᠰᠠᠭ ᠳᠠᠷᠤᠭ᠎ᠠ ᠶᠢᠨ 2018 ᠣᠨ ᠤ 11 ᠳ᠋ᠤᠭᠡᠷ ᠰᠠᠷ᠎ᠠ ᠶᠢᠨ 28 ᠍ ᠦ ᠡᠳᠦᠷ ᠦᠨ ︽ᠲᠡᠨᠦᠮᠡᠯ᠂ ᠭᠡᠷ ᠣᠷᠣᠨ ᠦᠭᠡᠢ ᠢᠷᠭᠡᠳ ᠦᠨ ᠲᠠᠯ᠎ᠠ ᠪᠠᠷ ᠠᠪᠬᠤ ᠵᠠᠷᠢᠮ ᠠᠷᠭ᠎ᠠ ᠬᠡᠮᠵᠢᠶᠡᠨ ᠦ ᠲᠤᠬᠠᠢ》 ᠵᠠᠬᠢᠷᠤᠮᠵᠢ ᠶᠢᠨ ᠳᠠᠭᠠᠤ ᠨᠡᠶᠢᠰᠯᠡᠯ ᠦᠨ ᠨᠤᠲᠤᠭ ᠳᠡᠪᠢᠰᠬᠡᠷ ᠲᠦ ᠠᠮᠢᠳᠤᠷᠠᠵᠤ ᠪᠠᠶᠢᠭ᠎ᠠ ᠲᠡᠨᠦᠮᠡᠯ᠂ ᠭᠡᠷ ᠣᠷᠣᠨ ᠦᠭᠡᠢ ᠢᠷᠭᠡᠳ ᠢ ᠠᠰᠠᠷᠠᠨ ᠬᠠᠮᠠᠭᠠᠯᠠᠭᠴᠢ᠂ ᠬᠠᠷᠠᠭᠠᠯᠵᠠᠨ ᠳᠡᠮᠵᠢᠭᠴᠢᠳ ᠲᠤ ᠨᠢ ᠬᠦᠯᠢᠶᠡᠯᠭᠡᠨ ᠥᠭᠬᠦ᠂ ᠪᠣᠯᠤᠮᠵᠢ ᠦᠭᠡᠢ ᠲᠣᠬᠢᠶᠠᠯᠳᠤᠯ ᠳᠤ ᠬᠠᠯᠠᠮᠵᠢ ᠶᠢᠨ ᠦᠢᠯᠡᠴᠢᠯᠡᠭᠡᠨ ᠳᠦ ᠬᠠᠮᠤᠷᠤᠭᠤᠯᠬᠤ ᠠᠵᠢᠯ ᠢ ᠵᠣᠬᠢᠶᠠᠨ ᠪᠠᠶᠢᠭᠤᠯᠤᠨ ᠠᠵᠢᠯᠯᠠᠵᠤ ᠪᠠᠶᠢᠨ᠎ᠠ᠃ ᠡᠨᠡ ᠠᠵᠢᠯ ᠢ 12 ᠳ᠋ᠤᠭᠠᠷ ᠰᠠᠷ᠎ᠠ ᠶᠢᠨ 03-04 ᠡᠳᠦᠷ ᠦᠳ ᠲᠦ ᠵᠣᠬᠢᠶᠠᠨ ᠪᠠᠶᠢᠭᠤᠯᠵᠤ ᠂ 97 ᠢᠷᠭᠡᠨ ᠢ ᠢᠯᠡᠷᠡᠭᠦᠯᠦᠨ ᠡᠷᠡᠭᠦᠯ ᠮᠡᠨᠳᠦ ᠶᠢᠨ ᠦᠵᠡᠯᠭᠡ ᠳᠦ ᠬᠠᠮᠤᠷᠤᠭᠤᠯᠤᠭᠠᠳ ᠪᠠᠶᠢᠨ᠎ᠠ᠃