ᠰᠢᠨᠵᠢᠯᠡᠬᠦ ᠤᠬᠠᠭᠠᠨ ᠤ ᠨᠣᠮ ᠤᠨ ᠨᠡᠭᠡᠭᠡᠯᠲᠡ ᠪᠤᠯᠪᠠ | News.MN

ᠰᠢᠨᠵᠢᠯᠡᠬᠦ ᠤᠬᠠᠭᠠᠨ ᠤ ᠨᠣᠮ ᠤᠨ ᠨᠡᠭᠡᠭᠡᠯᠲᠡ ᠪᠤᠯᠪᠠ

ᠬᠡᠦᠬᠡᠳ ᠲᠦ ᠵᠣᠷᠢᠭᠤᠯᠤᠭᠰᠠᠨ ᠰᠢᠨᠵᠢᠯᠡᠬᠦ ᠤᠬᠠᠭᠠᠨ᠂ ᠲᠠᠨᠢᠨ ᠮᠡᠳᠡᠬᠦᠢ ᠶᠢᠨ ᠬᠢᠯᠪᠠᠷᠰᠢᠭᠤᠯᠤᠭᠰᠠᠨ ᠨᠣᠮ ᠤᠨ ᠨᠡᠭᠡᠭᠡᠯᠲᠡ  ᠪᠤᠯᠪᠠ ᠃ ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠨᠢ ᠰᠢᠨᠵᠢᠯᠡᠬᠦ ᠤᠬᠠᠭᠠᠨ ᠢ ᠰᠤᠷᠲᠠᠯᠴᠢᠯᠠᠬᠤ᠂ ᠲᠦᠭᠡᠭᠡᠨ ᠳᠡᠯᠭᠡᠷᠡᠭᠦᠯᠬᠦ ᠵᠣᠷᠢᠯᠭ᠎ᠠ ᠪᠠᠷ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠰᠤᠷᠤᠭᠴᠢᠳ᠂ ᠬᠡᠦᠬᠡᠳ ᠵᠠᠯᠠᠭᠤᠴᠤᠳ᠂ ᠣᠯᠠᠨ ᠨᠡᠶᠢᠲᠡ ᠳᠦ ᠵᠣᠷᠢᠭᠤᠯᠤᠭᠰᠠᠨ ᠰᠢᠨᠵᠢᠯᠡᠬᠦ ᠤᠬᠠᠭᠠᠨ ᠤ ᠬᠢᠯᠪᠠᠷᠰᠢᠭᠤᠯᠤᠭᠰᠠᠨ ᠴᠤᠪᠤᠷᠠᠯ ᠨᠣᠮ ᠢ 2015 ᠣᠨ ᠠᠴᠠ ᠡᠬᠢᠯᠡᠨ ᠬᠡᠪᠯᠡᠭᠦᠯᠵᠦ᠂ ᠨᠡᠶᠢᠲᠡ ᠶᠢᠨ ᠬᠦᠷᠲᠡᠭᠡᠯ ᠪᠣᠯᠭᠠᠭᠠᠳ ᠪᠠᠶᠢᠨ᠎ᠠ᠃
ᠲᠤᠰ ᠴᠤᠪᠤᠷᠠᠯ ᠪᠦᠲᠦᠭᠡᠯ ᠨᠢ ᠰᠢᠨᠵᠢᠯᠡᠬᠦ ᠤᠬᠠᠭᠠᠨ ᠤ ᠣᠯᠠᠨ ᠰᠠᠯᠪᠤᠷᠢ᠂ ᠴᠢᠭᠯᠡᠯ ᠦᠨ ᠮᠡᠳᠡᠯᠭᠡ ᠶᠢ ᠡᠩ ᠦᠨ ᠣᠶᠢᠯᠠᠭᠠᠮᠵᠢᠲᠠᠢ ᠬᠡᠯᠪᠡᠷᠢ ᠪᠡᠷ ᠬᠢᠯᠪᠠᠷᠰᠢᠭᠤᠯᠤᠨ ᠪᠢᠴᠢᠭᠰᠡᠨ ᠢᠶᠡᠷ ᠢᠶᠡᠨ ᠣᠨᠴᠠᠯᠢᠭ ᠪᠥᠭᠡᠳ ᠬᠡᠦᠬᠡᠳ᠂ ᠪᠠᠭᠠᠴᠤᠳ ᠲᠤ ᠰᠢᠨᠵᠢᠯᠡᠬᠦ ᠤᠬᠠᠭᠠᠨ ᠤ ᠮᠡᠳᠡᠯᠭᠡ ᠣᠯᠭᠣᠬᠤ᠂ ᠴᠢᠨᠠᠭᠰᠢᠯᠠᠭᠠᠳ ᠰᠢᠨᠵᠢᠯᠡᠬᠦ ᠤᠬᠠᠭᠠᠨᠴᠢ ᠢᠷᠭᠡᠨ ᠪᠣᠯᠭᠠᠨ ᠲᠥᠯᠦᠪᠰᠢᠭᠦᠯᠬᠦ ᠳᠦ ᠶᠡᠬᠡᠬᠡᠨ ᠠᠴᠢ ᠬᠣᠯᠪᠣᠭᠳᠠᠯ ᠲᠠᠢ ᠶᠤᠮ᠃ ᠥᠩᠭᠡᠷᠡᠭᠰᠡᠨ ᠵᠢᠯ 11 ᠬᠢᠯᠪᠠᠷᠰᠢᠭᠤᠯᠤᠭᠰᠠᠨ ᠨᠣᠮ ᠬᠡᠪᠯᠡᠨ ᠨᠡᠶᠢᠲᠡ ᠶᠢᠨ ᠬᠦᠷᠲᠡᠭᠡᠯ ᠪᠣᠯᠭᠠᠵᠤ ᠪᠠᠶᠢᠭᠰᠠᠨ ᠪᠣᠯ ᠡᠨᠡ ᠣᠨ ᠳᠤ ᠮᠥᠨ ᠯᠠ 10 ᠭᠠᠷᠤᠢ ᠰᠡᠳᠦᠪ ᠢᠶᠡᠷ ᠨᠣᠮ ᠬᠡᠪᠯᠡᠭᠦᠯᠦᠭᠡᠳ ᠪᠠᠶᠢᠨ᠎ᠠ᠃

ᠰᠡᠳᠬᠢᠭᠳᠡᠯ ᠦᠯᠡᠳᠡᠭᠡᠬᠦ