ᠨᠠᠶᠢᠵᠠ ᠶᠢ ᠪᠠᠨ ᠡᠬᠡᠨᠡᠷ ᠲᠡᠢ ᠪᠡᠨ ᠬᠠᠷᠠᠳᠠᠵᠤ ᠬᠥᠨᠥᠭᠡᠵᠡᠢ | News.MN

ᠨᠠᠶᠢᠵᠠ ᠶᠢ ᠪᠠᠨ ᠡᠬᠡᠨᠡᠷ ᠲᠡᠢ ᠪᠡᠨ ᠬᠠᠷᠠᠳᠠᠵᠤ ᠬᠥᠨᠥᠭᠡᠵᠡᠢ

ᠰᠦᠬᠡᠪᠠᠭᠠᠲᠤᠷ ᠳᠡᠭᠦᠷᠭᠡ ᠶᠢᠨ ᠠᠷᠪᠠᠳᠤᠭᠠᠷ ᠬᠣᠷᠢᠶᠠᠨ ᠤ ᠨᠤᠲᠤᠭ ᠳᠡᠪᠢᠰᠬᠡᠷ ᠲᠦ ᠪᠠᠶᠢᠷᠢᠯᠠᠬᠤ ᠨᠢᠭᠡᠨ ᠪᠠᠶᠢᠭᠤᠯᠤᠯᠭ᠎ᠠ ᠶᠢᠨ ᠪᠠᠶᠢᠷᠢ ᠳᠤ ᠡᠨᠡ ᠰᠠᠷ᠎ᠠ ᠶᠢᠨ 01 ᠍ ᠦ ᠡᠳᠦᠷ ᠬᠦᠮᠦᠨ ᠠᠮᠢᠨ ᠤ ᠬᠡᠷᠡᠭ ᠭᠠᠷᠴᠠᠢ᠃ ᠲᠣᠳᠣᠷᠠᠭᠤᠯᠪᠠᠯ᠂ ᠲᠤᠬᠠᠢ ᠶᠢᠨ ᠬᠡᠷᠡᠭ ᠭᠠᠷᠤᠭᠰᠠᠨ ᠡᠳᠦᠷ ᠰᠡᠵᠢᠭᠲᠡᠨ ᠡᠬᠡᠨᠡᠷ ᠲᠠᠢ ᠪᠠᠨ ᠬᠣᠶᠠᠷ ᠡᠷᠡᠭᠲᠡᠢ ᠶᠢᠨ ᠬᠠᠮᠲᠤ ᠠᠵᠢᠯ ᠤᠨ ᠪᠠᠶᠢᠷᠢᠨ ᠳᠡᠭᠡᠷ᠎ᠡ ᠪᠡᠨ ᠠᠷᠢᠬᠢᠳᠠᠨ ᠰᠣᠭᠲᠣᠭᠤᠷᠠᠭᠰᠠᠨ ᠠᠵᠠᠢ᠃  ᠰᠡᠵᠢᠭᠲᠡᠨ 39 ᠨᠠᠰᠤᠲᠠᠢ ᠡᠷᠡᠭᠲᠡᠢ T ᠶᠢ ᠡᠬᠡᠨᠡᠷ ᠲᠡᠢ ᠪᠡᠨ ᠬᠠᠷᠠᠳᠠᠵᠤ ᠂ ᠵᠤᠳᠤᠭᠠᠳ ᠭᠠᠪᠠᠯᠠ ᠶᠢᠨ  ᠶᠠᠰᠤ ᠶᠢ ᠨᠢ ᠭᠡᠮᠲᠦᠭᠡᠵᠦ ᠨᠠᠰᠤ ᠪᠠᠷᠠᠭᠰᠠᠨ ᠪᠠᠶᠢᠨ᠎ᠠ᠃ ᠲᠡᠳᠡ ᠨᠢᠭᠡᠨ ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ ᠳᠤ ᠬᠠᠮᠲᠤ ᠠᠵᠢᠯᠯᠠᠳᠠᠭ ᠪᠠᠶᠢᠴᠠᠢ᠃ ᠤᠭ ᠬᠡᠷᠡᠭ ᠢ ᠰᠦᠬᠡᠪᠠᠭᠠᠲᠤᠷ ᠳᠡᠭᠦᠷᠭᠡ ᠶᠢᠨ ᠴᠠᠭᠳᠠᠭ᠎ᠠ ᠶᠢᠨ ᠨᠢᠭᠡᠳᠦᠭᠡᠷ ᠬᠡᠯᠲᠡᠰ ᠲᠦ ᠡᠷᠡᠭᠦᠦ ᠶᠢᠨ ᠬᠡᠷᠡᠭ ᠡᠭᠦᠰᠬᠡᠨ ᠰᠢᠯᠭᠠᠵᠤ ᠪᠠᠶᠢᠨ᠎ᠠ᠃ ᠮᠥᠨ ᠬᠦᠮᠦᠨ ᠦ ᠠᠮᠢᠨ ᠳᠤ ᠬᠦᠷᠦᠭᠰᠡᠨ ᠭᠡᠬᠦ ᠰᠡᠵᠢᠭᠲᠡᠨ ᠢ ᠰᠠᠭᠠᠳᠠᠭᠤᠯᠤᠨ ᠮᠥᠷᠳᠡᠨ ᠰᠢᠯᠭᠠᠬᠤ ᠠᠵᠢᠯᠯᠠᠭ᠎ᠠ ᠶᠢ ᠡᠬᠢᠯᠡᠭᠦᠯᠵᠡᠢ᠃

ᠰᠡᠳᠬᠢᠭᠳᠡᠯ ᠦᠯᠡᠳᠡᠭᠡᠬᠦ