ᠠᠭᠤᠯᠠ ᠠᠭᠤᠷᠬᠠᠢ ᠬᠦᠨᠳᠦ ᠦᠢᠯᠡᠳᠪᠦᠷᠢ ᠶᠢᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠭ ∙ ᠨᠠᠨᠳᠢᠨᠵᠢᠷᠭᠠᠯ ᠲᠡᠷᠢᠭᠦᠲᠡᠢ ᠲᠥᠯᠥᠭᠡᠯᠡᠭᠴᠢᠳ ᠯᠣᠨᠳᠣᠨ ᠬᠤᠲᠠᠨ᠎ᠠ 11 ᠳ᠋ᠤᠭᠡᠷ ᠰᠠᠷ᠎ᠠ ᠶᠢᠨ 26-29 ᠍ ᠤ ᠡᠳᠦᠷ ᠵᠣᠬᠢᠶᠠᠨ ᠪᠠᠶᠢᠭᠤᠯᠤᠭᠳᠠᠭᠰᠠᠨ Mines and Money ᠠᠭᠤᠯᠠ ᠠᠭᠤᠷᠬᠠᠢ ᠶᠢᠨ ᠣᠯᠠᠨ ᠤᠯᠤᠰ ᠤᠨ ᠬᠥᠷᠥᠩᠭᠡ ᠣᠷᠣᠭᠤᠯᠤᠭᠴᠢᠳ ᠤᠨ ᠠᠷᠭ᠎ᠠ ᠬᠡᠮᠵᠢᠶᠡᠨ ᠳᠦ ᠣᠷᠣᠯᠴᠠᠯ᠎ᠠ᠃
ᠡᠬᠢᠨ ᠦ ᠡᠳᠦᠷ ᠨᠢ ᠵᠣᠬᠢᠶᠠᠨ ᠪᠠᠶᠢᠭᠤᠯᠤᠭᠳᠠᠭᠰᠠᠨ ᠮᠣᠩᠭᠣᠯ ᠢ ᠲᠠᠨᠢᠯᠴᠠᠭᠤᠯᠬᠤ ᠬᠡᠰᠡᠭ ᠲᠦ ᠮᠣᠩᠭᠣᠯ ᠤᠯᠤᠰ ᠠᠴᠠ ᠶᠡᠬᠡ ᠪᠷᠢᠲ᠋ᠠᠨ ᠍ ᠳᠦ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠨ∙ᠲᠤᠯᠭ᠎ᠠ᠂ ᠠᠭᠤᠯᠠ ᠠᠭᠤᠷᠬᠠᠢ ᠬᠦᠨᠳᠦ ᠦᠢᠯᠡᠳᠪᠦᠷᠢ ᠶᠢᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠭ∙ᠨᠠᠨᠳᠢᠨᠵᠢᠷᠭᠠᠯ ᠨᠠᠷ ᠨᠡᠭᠡᠭᠡᠯᠲᠡ ᠶᠢᠨ ᠦᠭᠡ ᠬᠡᠯᠡᠵᠦ᠂ ︽ᠡᠷᠳᠡᠨᠢᠰ ᠲᠠᠪᠤᠨᠲᠣᠯᠣᠭᠠᠢ︾ ᠺᠤᠮᠫᠠᠨᠢ ᠶᠢᠨ ᠣᠷᠣᠯᠠᠭᠴᠢ ᠵᠠᠬᠢᠷᠤᠯ ᠲ∙ᠴᠣᠭᠲᠤᠪᠠᠶᠠᠷ ︽ᠲᠠᠪᠤᠨᠲᠣᠯᠣᠭᠠᠢ ᠲᠥᠰᠥᠯ ᠦᠨ ᠬᠤᠪᠢᠴᠠᠭ᠎ᠠ ᠶᠢ ᠣᠯᠠᠨ ᠤᠯᠤᠰ ᠤᠨ ᠵᠠᠬ᠎ᠠ ᠵᠡᠭᠡᠯᠢ ᠳᠦ ᠠᠷᠠᠯᠵᠢᠶᠠᠯᠠᠬᠤ ᠪᠡᠯᠡᠳᠬᠡᠯ ᠠᠵᠢᠯ︾ ᠍ ᠤᠨ ᠲᠠᠯ᠎ᠠ ᠪᠠᠷ ᠬᠤᠷᠠᠯ ᠳᠤ ᠣᠷᠣᠯᠴᠠᠭᠰᠠᠳ ᠲᠤ ᠵᠣᠷᠢᠭᠤᠯᠤᠨ ᠲᠠᠨᠢᠯᠴᠠᠭᠤᠯᠭ᠎ᠠ ᠬᠢᠪᠡ᠃ ᠲᠡᠭᠦᠨᠴᠢᠯᠡᠨ ᠮᠣᠩᠭᠣᠯ ᠤᠨ ᠠᠭᠤᠯᠠ ᠠᠭᠤᠷᠬᠠᠢ ᠶᠢᠨ ᠰᠠᠯᠪᠤᠷᠢ ᠶᠢ ᠰᠤᠷᠲᠠᠯᠴᠢᠯᠠᠨ ᠲᠠᠨᠢᠭᠤᠯᠬᠤ᠂ ᠣᠯᠠᠨ ᠤᠯᠤᠰ ᠤᠨ ᠬᠥᠷᠥᠩᠭᠡ ᠣᠷᠣᠭᠤᠯᠤᠭᠴᠢᠳ ᠢ ᠲᠠᠲᠠᠬᠤ ᠵᠣᠷᠢᠯᠭ᠎ᠠ ᠪᠠᠷ ︽ᠡᠷᠳᠡᠨᠢᠰ ᠮᠣᠩᠭᠣᠯ︾ ᠺᠤᠮᠫᠠᠨᠢ ᠶᠢᠨ ᠫᠠᠪᠢᠯᠢᠶᠤᠨ ᠪᠠᠶᠢᠭᠤᠯᠤᠨ ᠣᠷᠣᠯᠴᠠᠭᠰᠠᠨ ᠶᠤᠮ᠃ ᠭ∙ᠨᠠᠨᠳᠢᠨᠵᠢᠷᠭᠠᠯ ᠲᠡᠷᠢᠭᠦᠲᠡᠢ ᠲᠥᠯᠥᠭᠡᠯᠡᠭᠴᠢᠳ ᠪᠠᠰᠠ ᠯᠤᠨᠳᠤᠨ ᠤ ᠬᠥᠷᠥᠩᠭᠡ ᠶᠢᠨ ᠪᠢᠷᠵᠢ ᠳᠦ ᠵᠣᠴᠢᠯᠠᠵᠤ᠂ ᠪᠢᠷᠵᠢ ᠶᠢᠨ ᠭᠦᠢᠴᠡᠳᠭᠡᠬᠦ ᠵᠠᠬᠢᠷᠤᠯ ᠲᠠᠢ ᠠᠵᠢᠯ ᠤᠨ ᠠᠭᠤᠯᠵᠠᠯᠲᠠ ᠬᠢᠵᠦ ᠂ ︽ᠲᠠᠪᠤᠨᠲᠣᠯᠣᠭᠠᠢ ᠲᠥᠰᠥᠯ︾ ᠦᠨ 30 ᠬᠤᠪᠢ ᠶᠢ ᠣᠯᠠᠨ ᠤᠯᠤᠰ ᠪᠣᠯᠤᠨ ᠳᠣᠲᠣᠭᠠᠳᠤ ᠶᠢᠨ ᠬᠥᠷᠥᠩᠭᠡ ᠶᠢᠨ ᠪᠢᠷᠵᠢ ᠳᠡᠭᠡᠷ᠎ᠡ ᠠᠷᠠᠯᠵᠢᠶᠠᠯᠠᠬᠤ᠂ ᠣᠯᠠᠨ ᠤᠯᠤᠰ ᠤᠨ ᠵᠠᠬ᠎ᠠ ᠵᠡᠭᠡᠯᠢ ᠳᠡᠭᠡᠷ᠎ᠡ IPO ᠬᠢᠬᠦ ᠪᠡᠯᠡᠳᠬᠡᠯ ᠠᠵᠢᠯ ᠤᠨ ᠲᠠᠯ᠎ᠠ ᠪᠠᠷ ᠰᠠᠨᠠᠯ ᠰᠤᠯᠢᠯᠴᠠᠪᠠ᠃