ᠶᠠᠫᠤᠨᠴᠤᠳ 103 ᠳ᠋ᠤᠭᠠᠷ ᠴᠡᠴᠡᠷᠯᠢᠭ ᠢ ᠵᠠᠰᠠᠪᠤᠷᠢᠯᠠᠬᠤ ᠪᠠᠷ ᠪᠣᠯᠪᠠ | News.MN

ᠶᠠᠫᠤᠨᠴᠤᠳ 103 ᠳ᠋ᠤᠭᠠᠷ ᠴᠡᠴᠡᠷᠯᠢᠭ ᠢ ᠵᠠᠰᠠᠪᠤᠷᠢᠯᠠᠬᠤ ᠪᠠᠷ ᠪᠣᠯᠪᠠ

ᠶᠠᠫᠣᠨ ᠤᠯᠤᠰ ᠤᠨ ᠵᠠᠰᠠᠭ ᠤᠨ ᠭᠠᠵᠠᠷ ᠦᠨ ᠪᠤᠴᠠᠯᠲᠠ ᠦᠭᠡᠢ ᠲᠤᠰᠠᠯᠠᠮᠵᠢ ᠪᠠᠷ ᠴᠡᠩᠭᠡᠯᠲᠡᠢ ᠳᠡᠭᠦᠷᠭᠡ ᠶᠢᠨ 103 ᠳ᠋ᠤᠭᠠᠷ ᠴᠡᠴᠡᠷᠯᠢᠭ ᠦᠨ ᠵᠠᠰᠠᠪᠤᠷᠢ ᠶᠢ ᠬᠢᠬᠦ  ᠪᠡᠷ ᠪᠣᠯᠤᠭᠰᠠᠨ ᠪᠠᠶᠢᠨ᠎ᠠ᠃ ᠲᠤᠰ ᠤᠯᠤᠰ ᠤᠨ ᠵᠠᠰᠠᠭ ᠤᠨ ᠭᠠᠵᠠᠷ《ᠡᠪᠡᠰᠦᠨ ᠦ ᠦᠨᠳᠦᠰᠦ-ᠬᠦᠮᠦᠨ ᠦ ᠠᠶᠤᠯ ᠦᠭᠡᠢ ᠪᠠᠶᠢᠳᠠᠯ ᠢ ᠬᠠᠩᠭᠠᠬᠤ》 ᠠᠶᠠᠨ ᠢ ᠶᠠᠪᠤᠭᠤᠯᠵᠤ᠂ ᠵᠠᠰᠠᠭ ᠤᠨ ᠭᠠᠵᠠᠷ ᠤᠨ ᠪᠤᠰᠤ ᠪᠠᠶᠢᠭᠤᠯᠤᠯᠭ᠎ᠠ᠂ ᠣᠷᠣᠨ ᠨᠤᠲᠤᠭ ᠤᠨ ᠵᠠᠰᠠᠭ ᠵᠠᠬᠢᠷᠭ᠎ᠠ ᠵᠡᠷᠭᠡ ᠪᠠᠶᠢᠭᠤᠯᠤᠯᠭ᠎ᠠ ᠨᠤᠭᠤᠳ ᠠᠴᠠ ᠬᠡᠷᠡᠭᠵᠢᠭᠦᠯᠳᠡᠭ  ᠲᠦᠰᠦᠯ ᠦᠳ ᠢ ᠳᠡᠮᠵᠢᠬᠦ ᠵᠣᠷᠢᠯᠭ᠎ᠠ ᠲᠠᠢ ᠶᠤᠮ᠃
ᠡᠨᠡ ᠤᠳᠠᠭ᠎ᠠ ᠴᠡᠩᠭᠡᠯᠲᠡᠢ ᠳᠡᠭᠦᠷᠭᠡ ᠶᠢᠨ 103 ᠳ᠋ᠤᠭᠠᠷ ᠴᠡᠴᠡᠷᠯᠢᠭ ᠢ ᠰᠣᠩᠭᠣᠨ ᠠᠪᠴᠤ ᠭᠠᠳᠠᠨ᠎ᠠ ᠵᠠᠰᠠᠯ᠂ ᠴᠠᠬᠢᠯᠭᠠᠨ ᠤ ᠰᠢᠢᠳᠦᠯ᠂ ᠭᠡᠷᠡᠯᠲᠦᠭᠦᠯᠭᠡ᠂ ᠴᠣᠩᠬᠣ ᠰᠢᠨᠡᠳᠭᠡᠬᠦ ᠵᠡᠷᠭᠡ ᠠᠵᠢᠯ ᠤᠳ ᠢ ᠬᠢᠵᠦ ᠭᠦᠢᠴᠡᠳᠭᠡᠬᠦ ᠶᠤᠮ ᠪᠠᠶᠢᠨ᠎ᠠ᠃ ᠥᠨᠥᠳᠥᠷ ᠶᠠᠫᠣᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠮᠠᠰᠠᠲ᠋ᠠ ᠲᠠᠺᠠᠣᠺᠠ 103 ᠳ᠋ᠤᠭᠠᠷ ᠴᠡᠴᠡᠷᠯᠢᠭ ᠦᠨ ᠰᠤᠷᠭᠠᠯᠲᠠ ᠶᠢᠨ ᠣᠷᠴᠢᠨ ᠨᠥᠬᠥᠴᠡᠯ ᠲᠡᠢ ᠲᠠᠨᠢᠯᠴᠠᠯ᠎ᠠ᠃

ᠰᠡᠳᠬᠢᠭᠳᠡᠯ ᠦᠯᠡᠳᠡᠭᠡᠬᠦ