ᠤᠯᠠᠨ ᠤᠯᠤᠰ  ᠤᠨ ᠸᠠᠯᠢᠶᠤᠲ  ᠤᠨ ᠰᠠᠩ  ᠤᠨ ᠬᠢᠨ ᠲᠠᠢ ᠠᠭᠤᠯᠵᠠᠯ᠎ᠠ | News.MN

ᠤᠯᠠᠨ ᠤᠯᠤᠰ  ᠤᠨ ᠸᠠᠯᠢᠶᠤᠲ  ᠤᠨ ᠰᠠᠩ  ᠤᠨ ᠬᠢᠨ ᠲᠠᠢ ᠠᠭᠤᠯᠵᠠᠯ᠎ᠠ

ᠮᠣᠩᠭᠣᠯ ᠤᠯᠤᠰ ᠤᠨ ᠰᠠᠶᠢᠳ᠂ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠭ∙ ᠽᠠᠨᠳᠠᠨᠰᠢᠲᠠᠷ᠎ᠠ ᠥᠨᠥᠳᠥᠷ ᠣᠯᠠᠨ ᠤᠯᠤᠰ ᠤᠨ  ᠸᠠᠯᠢᠶᠤᠲ ᠤᠨ ᠰᠠᠩ ᠤᠨ ᠮᠣᠩᠭᠣᠯ ᠳ᠋ᠡᠬᠢ ᠰᠠᠭᠤᠷᠢᠨ ᠲᠥᠯᠥᠭᠡᠯᠡᠭᠴᠢ ᠨᠢᠯ ᠰᠡᠢᠺᠠᠷ ᠢ ᠬᠦᠯᠢᠶᠡᠨ ᠠᠪᠴᠤ  ᠠᠭᠤᠯᠵᠠᠨ ᠂ ᠮᠣᠩᠭᠣᠯ ᠤᠯᠤᠰ ᠤᠨ ᠲᠥᠰᠥᠪ᠂ ᠪᠠᠩᠬᠢ᠂ ᠰᠠᠩᠬᠦᠦ ᠶᠢᠨ ᠥᠨᠥ ᠶᠢᠨ ᠪᠠᠶᠢᠳᠠᠯ ᠤᠨ ᠲᠠᠯ᠎ᠠ ᠪᠠᠷ ᠮᠡᠳᠡᠭᠡᠯᠡᠯ ᠰᠣᠯᠢᠯᠴᠠᠯ᠎ᠠ᠃
ᠣᠯᠠᠨ ᠤᠯᠤᠰ ᠤᠨ  ᠸᠠᠯᠢᠶᠤᠲ ᠦᠨ ᠰᠠᠩ ᠤᠨ ︽ᠥᠷᠭᠡᠳᠬᠡᠭᠰᠡᠨ ᠰᠠᠩᠬᠦᠦᠵᠢᠯᠲᠠ ᠶᠢᠨ ᠬᠥᠲᠥᠯᠪᠦᠷᠢ︾ ᠍ ᠳᠦ ᠬᠠᠮᠤᠷᠤᠭᠳᠠᠭᠰᠠᠨ ᠢᠶᠠᠷ ᠡᠳ᠋ ᠍ ᠦᠨ ᠵᠠᠰᠠᠭ ᠤᠨ ᠥᠰᠦᠯᠲᠡ ᠬᠤᠷᠳᠤᠰᠴᠦ ᠂ ᠬᠥᠷᠥᠩᠭᠡ ᠣᠷᠣᠭᠤᠯᠤᠯᠲᠠ ᠨᠡᠮᠡᠭᠳᠡᠨ᠂ ᠲᠥᠰᠥᠪ ᠦᠨ ᠲᠡᠩᠴᠡᠯ ᠰᠠᠶᠢᠵᠢᠷᠠᠵᠤ ᠪᠠᠶᠢᠭ᠎ᠠ ᠶᠢ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ  ᠲᠡᠮᠳᠡᠭᠯᠡᠯ᠎ᠡ ᠃ ᠥᠷᠭᠡᠳᠬᠡᠭᠰᠡᠨ ᠰᠠᠩᠬᠦᠦᠵᠢᠯᠲᠠ ᠶᠢᠨ ᠬᠥᠲᠥᠯᠪᠦᠷᠢ ᠶᠢ ᠠᠮᠵᠢᠯᠲᠠᠲᠠᠢ ᠬᠡᠷᠡᠭᠵᠢᠭᠦᠯᠵᠦ ᠪᠠᠶᠢᠭ᠎ᠠ ᠳᠤ ᠰᠡᠳᠬᠢᠯ ᠬᠠᠩᠭᠠᠯᠤᠭᠤᠨ ᠪᠠᠶᠢᠭ᠎ᠠ ᠪᠠᠨ ᠲᠤᠰ ᠰᠠᠩ ᠤᠨ ᠰᠠᠭᠤᠷᠢᠨ ᠲᠥᠯᠥᠭᠡᠯᠡᠭᠴᠢ ᠣᠨᠴᠠᠯᠠᠭᠠᠳ 2018 ᠣᠨ ᠤ ᠲᠥᠰᠥᠪ ᠠᠯᠳᠠᠭᠳᠠᠯ ᠦᠭᠡᠢ᠂ ᠡᠶᠡᠷᠭᠦ ᠲᠡᠩᠴᠡᠯ ᠲᠡᠢ ᠭᠠᠷᠬᠤ ᠲᠥᠯᠥᠪ ᠲᠡᠢ ᠪᠠᠶᠢᠭ᠎ᠠ ᠶᠢ  ᠲᠡᠮᠳᠡᠭᠯᠡᠯ᠎ᠡ ᠃ ᠮᠥᠨ ᠮᠣᠩᠭᠣᠯ ᠤᠯᠤᠰ ᠤᠨ ᠡᠺᠰᠫᠣᠷᠲ ᠤᠨ ᠪᠣᠳᠣᠯᠭ᠎ᠠ᠂ ᠡᠳ᠋ ᠍ ᠦᠨ ᠵᠠᠰᠠᠭ ᠤᠨ ᠥᠰᠦᠯᠲᠡ ᠶᠢᠨ ᠲᠠᠯ᠎ᠠ ᠪᠠᠷ ᠮᠡᠳᠡᠭᠡᠯᠡᠯ ᠰᠣᠯᠢᠯᠴᠠᠯ᠎ᠠ ᠭᠡᠵᠦ ᠵᠠᠰᠠᠭ ᠤᠨ ᠭᠠᠵᠠᠷ ᠤᠨ ᠬᠡᠪᠯᠡᠯ ᠮᠡᠳᠡᠭᠡᠯᠡᠯ᠂ ᠣᠯᠠᠨ ᠨᠡᠶᠢᠲᠡ ᠲᠡᠢ ᠬᠠᠷᠢᠯᠴᠠᠬᠤ ᠬᠡᠯᠲᠡᠰ ᠡᠴᠡ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ