ᠲᠠᠶᠢᠸᠠᠨ ᠠᠴᠠ 8.149.525 ᠳ᠋ᠤᠯᠯᠠᠷ ᠤᠨ ᠪᠦᠲᠦᠭᠡᠭᠳᠡᠬᠦᠨ ᠠᠪᠴᠠᠢ | News.MN

ᠲᠠᠶᠢᠸᠠᠨ ᠠᠴᠠ 8.149.525 ᠳ᠋ᠤᠯᠯᠠᠷ ᠤᠨ ᠪᠦᠲᠦᠭᠡᠭᠳᠡᠬᠦᠨ ᠠᠪᠴᠠᠢ

ᠡᠨᠡ ᠣᠨ ᠤ ᠡᠬᠢᠨ ᠦ ᠶᠢᠰᠦᠨ ᠰᠠᠷ᠎ᠠ ᠶᠢᠨ ᠦᠵᠡᠭᠦᠯᠦᠯᠲᠡ ᠪᠡᠷ ᠮᠣᠩᠭᠣᠯ ᠤᠯᠤᠰ ᠲᠠᠶᠢᠸᠠᠨ ᠠᠴᠠ ᠢᠮᠫᠣᠷᠲ ᠢᠶᠠᠷ ᠠᠪᠤᠭᠰᠠᠨ ᠪᠠᠷᠠᠭ᠎ᠠ ᠪᠦᠲᠦᠭᠡᠭᠳᠡᠬᠦᠨ ᠦ ᠨᠡᠶᠢᠲᠡ ᠳ᠋ᠦᠩ 8.149.525 ᠳ᠋ᠣᠯᠯᠠᠷ ᠲᠤ ᠬᠦᠷᠴᠦ ᠂ ᠡᠨᠡ ᠨᠢ ᠥᠩᠭᠡᠷᠡᠭᠰᠡᠨ ᠣᠨ ᠤ ᠮᠥᠨ ᠦᠶ᠎ᠡ ᠡᠴᠡ 1.7 ᠳᠠᠬᠢᠨ ᠥᠰᠦᠭᠰᠡᠨ ᠦᠵᠡᠭᠦᠯᠦᠯᠲᠡ ᠭᠡᠳᠡᠭ ᠢ  ᠲᠠᠶᠢᠸᠠᠨ ᠠᠴᠠ ᠮᠣᠩᠭᠣᠯ ᠤᠯᠤᠰ ᠲᠤ ᠰᠠᠭᠤᠭ᠎ᠠ ᠲᠥᠯᠥᠭᠡᠯᠡᠭᠴᠢ ᠶᠢᠨ ᠭᠠᠵᠠᠷ ᠠᠴᠠ ᠮᠡᠳᠡᠭᠡᠯᠡᠯ᠎ᠡ᠃ ᠮᠣᠩᠭᠣᠯ ᠤᠯᠤᠰ ᠲᠠᠶᠢᠸᠠᠨ ᠠᠴᠠ ᠡᠯᠧᠺᠲ᠋ᠷᠣᠨ ᠪᠠᠷᠠᠭ᠎ᠠ᠂ ᠲᠧᠭᠨᠢᠭ ᠲᠣᠨᠣᠭ ᠲᠥᠬᠥᠭᠡᠷᠦᠮᠵᠢ᠂ ᠡᠮ ᠪᠡᠯᠡᠳᠦᠮᠡᠯ᠂ ᠡᠷᠡᠭᠦᠯ ᠮᠡᠨᠳᠦ ᠶᠢᠨ  ᠪᠠᠷᠠᠭ᠎ᠠ ᠪᠦᠲᠦᠭᠡᠭᠳᠡᠬᠦᠨ ᠢ ᠲᠦᠯᠬᠢᠭᠦᠦ  ᠠᠪᠴᠦ ᠪᠤᠢ ᠪᠥᠭᠡᠳ ᠡᠨᠡ ᠨᠢ ᠨᠡᠶᠢᠲᠡ  ᠳ᠋ᠦᠩ ᠦᠨ 87 ᠬᠤᠪᠢ ᠶᠢ ᠡᠵᠡᠯᠡᠵᠦ ᠪᠠᠶᠢᠨ᠎ᠠ᠃
ᠲᠠᠶᠢᠸᠠᠨ ᠤ ᠲᠥᠯᠥᠭᠡᠯᠡᠭᠴᠢ ᠶᠢᠨ ᠭᠠᠵᠠᠷ ᠮᠣᠩᠭᠣᠯ ᠤᠯᠤᠰ ᠤᠨ ᠵᠢᠵᠢᠭ ᠳᠤᠮᠳᠠ ᠦᠢᠯᠡᠳᠪᠦᠷᠢᠯᠡᠯ ᠢ  ᠳᠡᠮᠵᠢᠬᠦ ᠪᠡᠷ ᠥᠩᠭᠡᠷᠡᠭᠰᠡᠨ ᠣᠨ ᠠᠴᠠ ᠡᠬᠢᠯᠡᠨ ︽ᠲᠠᠶᠢᠸᠠᠨ ᠮᠣᠩᠭᠣᠯ ᠤᠨ ᠠᠵᠤ ᠠᠬᠤᠢ ᠶᠢᠨ ᠨᠢᠭᠡᠴᠡ᠂  ᠪᠢᠽᠢᠨᠧᠰ ᠡᠷᠬᠢᠯᠡᠭᠴᠢᠳ ᠢ ᠬᠤᠯᠪᠤᠬᠤ》 ᠠᠵᠢᠯ ᠢ ᠥᠷᠨᠢᠭᠦᠯᠵᠦ ᠡᠬᠢᠯᠡᠭᠡᠳ ᠪᠠᠶᠢᠨ᠎ᠠ᠃ ᠲᠠᠶᠢᠸᠠᠨ ᠠᠴᠠ 30 ᠰᠠᠶ᠎ᠠ ᠳ᠋ᠣᠯᠯᠠᠷ ᠤᠨ ᠳ᠋ᠦᠩ ᠪᠦᠬᠦᠢ ᠰᠠᠩᠬᠦᠦᠵᠢᠯᠲᠠ ᠶᠢᠨ ᠵᠢᠭᠡᠯᠡᠯᠭᠡ ᠶᠢᠨ ᠱᠤᠭᠤᠮ ᠤᠨ ᠭᠡᠷ᠎ᠡ ᠶᠢ ᠮᠣᠩᠭᠣᠯ ᠤᠯᠤᠰ ᠤᠨ ᠠᠷᠠᠯᠵᠢᠶᠠᠨ ᠤ ᠵᠢᠷᠭᠤᠭᠠᠨ ᠪᠠᠩᠬᠢ ᠲᠠᠢ ᠪᠠᠶᠢᠭᠤᠯᠤᠨ᠂ ᠬᠠᠮᠲᠤᠷᠠᠨ ᠠᠵᠢᠯᠯᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ