ᠮᠣᠩᠭᠣᠯ ᠹᠷᠠᠨᠼᠢ ᠶᠢᠨ ᠦᠵᠡᠰᠭᠦᠯᠡᠩ ᠭᠠᠷᠴᠤ ᠪᠠᠶᠢᠨ᠎ᠠ | News.MN

ᠮᠣᠩᠭᠣᠯ ᠹᠷᠠᠨᠼᠢ ᠶᠢᠨ ᠦᠵᠡᠰᠭᠦᠯᠡᠩ ᠭᠠᠷᠴᠤ ᠪᠠᠶᠢᠨ᠎ᠠ

ᠮᠣᠩᠭᠣᠯ ᠤᠯᠤᠰ᠂ ᠹᠷᠠᠨᠼᠢ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠰᠤᠶᠤᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠬᠡᠯᠡᠯᠴᠡᠭᠡᠷ ᠪᠠᠶᠢᠭᠤᠯᠤᠭᠳᠠᠰᠤᠨ ᠤ 50 ᠵᠢᠯ ᠦᠨ ᠲᠡᠦᠬᠡᠲᠦ ᠣᠢ ᠲᠣᠬᠢᠶᠠᠵᠤ ᠪᠠᠶᠢᠭ᠎ᠠ ᠲᠠᠢ ᠬᠣᠯᠪᠣᠭᠳᠠᠭᠤᠯᠤᠨ ︽ᠮᠣᠩᠭᠣᠯ ᠹᠷᠠᠨᠼᠢ ᠶᠢᠨ ᠬᠠᠷᠢᠯᠴᠠᠭ᠎ᠠ᠄ ᠡᠷᠲᠡ᠂ ᠡᠳᠦᠭᠡ︾ ᠰᠡᠳᠦᠪᠲᠦ ᠠᠷᠬᠢᠪ ᠤᠨ ᠪᠠᠷᠢᠮᠲᠠ ᠪᠢᠴᠢᠭ᠂ ᠭᠡᠷᠡᠯ ᠵᠢᠷᠤᠭ ᠤᠨ ᠦᠵᠡᠰᠬᠦᠯᠡᠩ ᠢ ᠡᠨᠡ ᠰᠠᠷ᠎ᠠ ᠶᠢᠨ 05  ᠳᠦ ᠮᠣᠩᠭᠣᠯ ᠤᠨ ᠦᠨᠳᠦᠰᠦᠨ ᠦ ᠮᠦᠽᠧᠢ ᠳᠦ ᠨᠡᠭᠡᠭᠡᠯ᠎ᠡ᠃  ᠲᠤᠰ ᠦᠵᠡᠰᠬᠦᠯᠡᠩ ᠢ ᠠᠷᠬᠢᠪ ᠤᠨ ᠶᠡᠷᠦᠩᠬᠡᠢ ᠭᠠᠵᠠᠷ ᠤᠨ ᠦᠨᠳᠦᠰᠦᠨ ᠦ ᠲᠥᠪ ᠠᠷᠬᠢᠪ ᠤᠨ ᠲᠡᠦᠬᠡ ᠶᠢᠨ ᠪᠠᠷᠢᠮᠲᠠ ᠶᠢᠨ ᠠᠷᠬᠢᠪ᠂ ᠤᠯᠤᠰ ᠲᠥᠷᠥ ᠶᠢᠨ ᠨᠠᠮ᠂ ᠣᠯᠠᠨ ᠨᠡᠶᠢᠲᠡ ᠶᠢᠨ ᠪᠠᠶᠢᠭᠤᠯᠤᠯᠭ᠎ᠠ ᠨᠤᠭᠤᠳ ᠤᠨ ᠪᠠᠷᠢᠮᠲᠠ ᠶᠢᠨ ᠠᠷᠬᠢᠪ᠂ ᠺᠢᠨᠣ᠋᠂ ᠭᠡᠷᠡᠯ ᠵᠢᠷᠤᠭ᠂ ᠳᠠᠭᠤ ᠠᠪᠢᠶᠠᠨ ᠤ ᠪᠠᠷᠢᠮᠲᠠ ᠶᠢᠨ ᠠᠷᠬᠢᠪ ᠂ ᠭᠠᠳᠠᠭᠠᠳᠤ ᠬᠠᠷᠢᠯᠴᠠᠭᠠᠨ ᠤ ᠲᠥᠪ  ᠠᠷᠬᠢᠪ ᠂ ᠮᠣᠩᠭᠣᠯ ᠤᠨ ᠦᠨᠳᠦᠰᠦᠨ ᠦ ᠮᠦᠽᠧᠢ ᠪᠣᠯᠤᠨ ᠮᠣᠩᠭᠣᠯ ᠤᠯᠤᠰ ᠲᠡᠬᠢ ᠹᠷᠠᠨᠼᠢ ᠶᠢᠨ ᠡᠯᠴᠢᠨ ᠰᠠᠶᠢᠳ ᠤᠨ ᠶᠠᠮᠤ ᠬᠠᠮᠲᠤᠷᠠᠨ ᠵᠣᠬᠢᠶᠠᠨ ᠪᠠᠶᠢᠭᠤᠯᠵᠤ ᠪᠤᠢ ᠶᠤᠮ᠃
1965 ᠣᠨ ᠤ 04 ᠳ᠋ᠤᠭᠡᠷ ᠰᠠᠷ᠎ᠠ ᠶᠢᠨ 27 ᠍ ᠤ ᠡᠳᠦᠷ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠂ ᠪᠦᠭᠦᠳᠡ ᠨᠠᠶᠢᠷᠠᠮᠳᠠᠬᠤ ᠹᠷᠠᠨᠼᠢ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠪᠠ ᠮᠣᠩᠭᠣᠯ ᠹᠷᠠᠨᠼᠢ ᠶᠢᠨ ᠬᠠᠷᠢᠯᠴᠠᠭᠠᠨ ᠤ ᠦᠨᠳᠦᠰᠦᠨ ᠪᠠᠷᠢᠮᠲᠠ ᠪᠢᠴᠢᠭ ᠪᠣᠯᠬᠤ ︽ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠲᠤᠬᠠᠢ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ︾ ᠍ ᠢ 1996 ᠣᠨ ᠳᠤ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠹᠷᠠᠨᠼᠢ ᠳᠦ ᠬᠢᠭᠰᠡᠨ ᠠᠩᠬᠠᠨ ᠤ ᠠᠯᠪᠠᠨ ᠶᠣᠰᠣᠨ ᠤ ᠠᠶᠢᠯᠴᠢᠯᠠᠯ ᠤᠨ ᠦᠶ᠎ᠡ ᠪᠡᠷ ᠪᠠᠶᠢᠭᠤᠯᠤᠭᠰᠠᠨ ᠢᠶᠠᠷ ᠬᠣᠶᠠᠷ ᠤᠯᠤᠰ ᠤᠨ ᠬᠣᠭᠣᠷᠣᠨᠳᠣ ᠤᠯᠤᠰ ᠲᠥᠷᠥ᠂ ᠰᠤᠶᠤᠯ᠂ ᠰᠢᠨᠵᠢᠯᠡᠬᠦ ᠤᠬᠠᠭᠠᠨ ᠤ ᠲᠠᠯ᠎ᠠ ᠪᠠᠷ ᠬᠠᠮᠲᠤᠷᠠᠨ ᠠᠵᠢᠯᠯᠠᠬᠤ ᠨᠥᠬᠥᠴᠡᠯ ᠪᠦᠷᠢᠳᠴᠡᠢ᠃ ᠦᠵᠡᠰᠬᠦᠯᠡᠩ ᠳᠦ 1696 ᠣᠨ ᠳᠤ ᠫᠠᠷᠢᠰ ᠤᠨ ᠰᠣᠨᠢᠨ ᠳᠤ ᠬᠡᠪᠯᠡᠭᠳᠡᠭᠰᠡᠨ ︽ᠬᠢᠲᠠᠳ ᠤᠨ ᠡᠵᠡᠨ ᠬᠠᠭᠠᠨ ᠤ ᠴᠡᠷᠢᠭ ᠥᠭᠡᠯᠡᠳ ᠦᠨ ᠬᠠᠨ ᠭᠠᠯᠳᠠᠨ ᠢ ᠳᠠᠶᠢᠯᠠᠭᠰᠠᠨ ᠶᠡᠬᠡ ᠲᠤᠯᠤᠯᠳᠤᠭᠠᠨ ᠪᠠ ᠢᠯᠠᠯᠲᠠ︾ ᠰᠡᠳᠦᠪᠲᠦ ᠨᠡᠶᠢᠲᠡᠯᠡᠯ ᠦᠨ ᠹᠤᠲ᠋ᠤ᠋ ᠬᠠᠭᠤᠯᠪᠤᠷᠢ᠂  ︽ᠹᠷᠠᠨᠼᠢ ᠤᠯᠤᠰ ᠤᠨ ᠨᠣᠮᠯᠠᠭᠴᠢ ᠨᠠᠷ ᠣᠷᠣᠨ ᠨᠤᠲᠤᠭ ᠲᠤ ᠠᠵᠢᠯᠯᠠᠬᠤ ᠪᠠᠷ ᠢᠷᠡᠮᠡᠭᠴᠡ ᠬᠦᠷᠢᠶᠡᠨ ᠦ ᠰᠠᠶᠢᠳ ᠲᠤ ᠪᠠᠷᠠᠭᠠᠯᠬᠠᠭᠤᠯᠵᠤ᠂ ᠵᠥᠪᠰᠢᠶᠡᠷᠡᠯ ᠠᠪᠬᠠᠭᠤᠯᠬᠤ ᠲᠤᠬᠠᠢ ᠪᠢᠴᠢᠭ︾ ︵1883 ᠣᠨ︶᠂ ︽ᠬᠦᠷᠢᠶᠡᠨ ᠦ ᠰᠠᠶᠢᠳ ᠤᠨ ᠭᠠᠵᠠᠷ ᠠᠴᠠ ᠪᠡᠭᠡᠵᠢᠩ-ᠫᠠᠷᠢᠰ ᠠᠦ᠋ᠲ᠋ᠣ᠋ ᠷᠠᠯᠯᠢ ᠶᠢᠨ ᠣᠷᠣᠯᠴᠠᠭᠴᠢ ᠹᠷᠠᠨᠼᠢ ᠤᠯᠤᠰ ᠤᠨ ᠬᠠᠷᠢᠶᠠᠲᠤ ᠨᠠᠢᠮᠠᠨ ᠬᠦᠮᠦᠨ ᠪᠣᠯᠤᠨ ᠳᠠᠭᠠᠯᠳᠤᠬᠤ ᠬᠦᠮᠦᠰ ᠲᠦ ᠲᠡᠮᠳᠡᠭᠲᠦ ᠪᠢᠴᠢᠭ ᠣᠯᠭᠤᠭᠰᠠᠨ ᠲᠤᠯᠠ ᠰᠠᠶᠢᠨ ᠢᠶᠠᠷ ᠬᠠᠷᠠᠭᠠᠯᠵᠠᠨ ᠬᠠᠮᠠᠭᠠᠯᠠᠨ ᠥᠩᠭᠡᠷᠡᠭᠦᠯᠬᠦ ᠶᠢ ᠲᠤᠰᠢᠶᠠᠭᠰᠠᠨ ᠪᠢᠴᠢᠭ︾ ︵1907 ᠣᠨ︶ ᠵᠡᠷᠭᠡ ᠪᠠᠷᠢᠮᠲᠠ ᠪᠢᠴᠢᠭ ᠦᠳ ᠢ ᠳᠡᠯᠭᠡᠵᠡᠢ᠃ ᠮᠥᠨ ︽ᠮᠣᠩᠭᠣᠯ ᠰᠤᠷᠤᠭᠴᠢᠳ ᠹᠷᠠᠨᠼᠢ ᠭᠡᠷ ᠪᠦᠯᠢ ᠶᠢᠨ ᠬᠢᠨ ᠦ ᠬᠠᠮᠲᠤ ︾ ︵1928 ᠣᠨ︶ ᠂  ︽ᠶᠦ᠊∙ᠼᠡᠳᠡᠨᠪᠠᠯ ᠫᠠᠷᠢᠰ ᠬᠤᠲᠠᠨ᠎ᠠ︾ ︵ 1949 ᠣᠨ︶ ᠵᠡᠷᠭᠡ ᠭᠡᠷᠡᠯ ᠵᠢᠷᠤᠭ ᠤᠳ ᠢ ᠲᠣᠯᠢᠯᠠᠭᠤᠯᠵᠤ ᠪᠠᠶᠢᠨ᠎ᠠ᠃

ᠦᠵᠡᠰᠬᠦᠯᠡᠩ ᠦᠨ ᠨᠡᠭᠡᠭᠡᠯᠲᠡ ᠳᠦ ᠠᠷᠬᠢᠪ ᠤᠨ ᠶᠡᠷᠦᠩᠬᠡᠢ ᠭᠠᠵᠠᠷ ᠤᠨ ᠳᠠᠷᠤᠭ᠎ᠠ ᠶᠢᠨ ᠠᠯᠪᠠᠨ ᠡᠭᠦᠷᠭᠡ ᠶᠢ  ᠲᠦᠷ ᠣᠷᠣᠯᠠᠨ ᠭᠦᠢᠴᠡᠳᠭᠡᠭᠴᠢ ᠰ∙ᠡᠩᠬᠡᠪᠠᠭᠠᠲᠤᠷ᠂ ᠹᠷᠠᠨᠼᠢ ᠤᠯᠤᠰ ᠤᠨ ᠡᠯᠴᠢᠨ ᠰᠠᠶᠢᠳ ᠹᠢᠯᠢᠫᠫ ᠮᠡᠷᠯᠢᠨ ᠨᠠᠷ ᠣᠷᠣᠯᠴᠠᠭᠰᠠᠨ ᠶᠤᠮ᠃

ᠰᠡᠳᠬᠢᠭᠳᠡᠯ ᠦᠯᠡᠳᠡᠭᠡᠬᠦ