ᠨᠠᠮᠠᠶᠢ ᠴᠢᠯᠦᠭᠡᠯᠡᠭᠡᠳ ᠥᠭᠭᠦᠭᠡᠴᠢ ᠭᠡᠵᠦ ᠭᠤᠶᠤᠭᠰᠠᠨ | News.MN

ᠨᠠᠮᠠᠶᠢ ᠴᠢᠯᠦᠭᠡᠯᠡᠭᠡᠳ ᠥᠭᠭᠦᠭᠡᠴᠢ ᠭᠡᠵᠦ ᠭᠤᠶᠤᠭᠰᠠᠨ

ᠨᠡᠶᠢᠭᠡᠮ ᠤᠨ ᠪᠣᠳᠣᠯᠭ᠎ᠠ ᠪᠣᠯᠪᠠᠰᠤᠷᠠᠯ ᠰᠤᠶᠤᠯ ᠰᠢᠨᠵᠢᠯᠡᠬᠦ ᠤᠬᠠᠭᠠᠨ ᠤ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠭᠡᠰᠢᠭᠦᠨ᠂ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠰᠫᠣᠷᠲ ᠤᠨ ᠰᠠᠶᠢᠳ ᠼ∙ᠴᠣᠭᠵᠢᠯᠮ᠎ᠠ ᠶᠢ ᠠᠯᠪᠠᠨ ᠲᠤᠰᠢᠶᠠᠯ ᠠᠴᠠ ᠨᠢ ᠴᠢᠯᠦᠭᠡᠯᠡᠬᠦ ᠲᠤᠬᠠᠢ ᠠᠰᠠᠭᠤᠳᠠᠯ ᠢ ᠬᠡᠯᠡᠯᠴᠡᠬᠦ ᠭᠡᠵᠦ ᠪᠠᠶᠢᠨ᠎ᠠ᠃ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠤ ᠡᠮᠦᠨ᠎ᠡ ᠲᠡᠭᠦᠨ ᠦ ᠪᠠᠶᠢᠷᠢ ᠰᠠᠭᠤᠷᠢ ᠶᠢ ᠰᠣᠨᠣᠰᠤᠯ᠎ᠠ᠃
ᠰᠠᠶᠢᠳ ᠼ∙ᠴᠣᠭᠵᠢᠯᠮ᠎ᠠ᠄ ᠡᠨᠡ ᠰᠠᠯᠪᠤᠷᠢ ᠳᠤ ᠠᠵᠢᠯᠯᠠᠵᠤ ᠪᠠᠶᠢᠭ᠎ᠠ ᠪᠦᠬᠦ ᠬᠦᠮᠦᠨ ᠳᠦ ᠠᠵᠢᠯ ᠤᠨ  ᠲᠠᠶᠢᠯᠤᠨ ᠢ ᠪᠠᠨ ᠬᠦᠷᠭᠡᠭᠦᠯᠦᠨ᠎ᠡ᠃ ᠢᠯᠠᠩᠭᠤᠶ᠎ᠠ ᠮᠠᠨ ᠤ ᠨᠡᠶᠢᠭᠡᠮ ᠤᠨ ᠰᠠᠯᠪᠤᠷᠢ ᠳᠤ ᠠᠵᠢᠯ ᠤᠨ ᠦᠷ᠎ᠡ ᠳ᠋ᠦᠩ ᠨᠢ ᠰᠢᠭᠤᠳ ᠭᠠᠷᠳᠠᠭ ᠦᠭᠡᠢ᠃ ᠶᠠᠭᠠᠬᠢᠭᠠᠳ ᠭᠡᠪᠡᠯ ᠰᠤᠷᠤᠯᠭ᠎ᠠ ᠰᠠᠶᠢᠵᠢᠷᠠᠬᠤ᠂ ᠰᠤᠷᠭᠠᠯᠲᠠ ᠶᠢᠨ ᠴᠢᠨᠠᠷ ᠰᠠᠶᠢᠵᠢᠷᠠᠬᠤ ᠭᠡᠳᠡᠭ ᠠᠰᠠᠭᠤᠳᠠᠯ ᠨᠢᠭᠡ ᠲᠠᠯ᠎ᠠ ᠠᠴᠠ ᠪᠠᠨ ᠰᠤᠷᠤᠯᠴᠠᠭᠴᠢ ᠬᠡᠦᠬᠡᠳ ᠨᠥᠭᠥᠭᠡ ᠲᠠᠯ᠎ᠠ ᠠᠴᠠ ᠪᠠᠨ ᠠᠵᠢᠯᠯᠠᠵᠤ ᠪᠠᠶᠢᠭ᠎ᠠ ᠪᠠᠭᠰᠢ ᠨᠠᠷ ᠮᠥᠨ ᠭᠤᠷᠪᠠᠳᠠᠭᠴᠢ ᠡᠲᠡᠭᠡᠳ ᠪᠤᠶᠤ ᠡᠴᠢᠭᠡ ᠡᠬᠡᠴᠦᠳ ᠦᠨ ᠣᠷᠣᠯᠴᠠᠭᠠᠨ ᠠᠴᠠ ᠬᠠᠮᠢᠶᠠᠷᠳᠠᠭ᠃ ᠲᠣᠳᠣᠷᠬᠠᠢ ᠬᠤᠭᠤᠴᠠᠭᠠᠨ ᠤ ᠳᠠᠷᠠᠭ᠎ᠠ ᠡᠨᠡ ᠰᠢᠰᠲ᠋ᠧᠮ ᠦᠨ ᠦᠢᠯᠡ ᠠᠵᠢᠯᠯᠠᠭ᠎ᠠ ᠵᠥᠪ ᠪᠠᠶᠢᠭᠰᠠᠨ ᠭᠡᠳᠡᠭ ᠨᠢ ᠴᠠᠭ ᠬᠤᠭᠤᠴᠠᠭᠠᠨ ᠤ ᠳᠠᠷᠠᠭ᠎ᠠ ᠦᠷ᠎ᠡ  ᠳ᠋ᠦᠩ ᠢᠶᠡᠷ ᠢᠶᠡᠨ ᠬᠡᠮᠵᠢᠭᠳᠡᠨ᠎ᠡ᠃ ᠲᠡᠶᠢᠮᠦ ᠡᠴᠡ ᠥᠨᠥᠳᠥᠷ ᠰᠠᠶᠢᠨ ᠮᠠᠭᠤ ᠶᠢ ᠨᠢ ᠬᠡᠯᠡᠬᠦ ᠪᠣᠯᠤᠮᠵᠢ ᠦᠭᠡᠢ᠃ ᠨᠢᠭᠡ ᠵᠢᠯ ᠦᠨ ᠬᠤᠭᠤᠴᠠᠭᠠᠨ ᠳᠤ ᠠᠵᠢᠯᠯᠠᠬᠤ ᠳᠤ ᠤᠳᠤᠷᠢᠳᠤᠯᠭ᠎ᠠ ᠶᠢᠨ ᠲᠣᠭᠲᠠᠪᠤᠷᠢ ᠦᠭᠡᠢ ᠪᠠᠶᠢᠳᠠᠯ ᠰᠠᠯᠪᠤᠷᠢ ᠶᠢᠨ ᠠᠵᠢᠯ ᠶᠠᠪᠤᠭᠳᠠᠬᠤ ᠳᠤ ᠦᠨᠡᠬᠡᠷ ᠮᠠᠭᠤ ᠨᠥᠯᠥᠭᠡ ᠪᠣᠯᠳᠠᠭ ᠭᠡᠳᠡᠭ ᠢ ᠬᠠᠷᠠᠭᠰᠠᠨ᠃ ᠤᠳᠤᠷᠢᠳᠤᠯᠭ᠎ᠠ ᠰᠣᠯᠢᠭᠳᠠᠬᠤ ᠳᠤ ᠲᠡᠨᠳᠡ ᠠᠵᠢᠯ ᠢᠶᠠᠨ ᠬᠢᠵᠦ ᠪᠠᠶᠢᠭ᠎ᠠ ᠬᠦᠮᠦᠰ ᠢ ᠪᠤᠷᠤᠭᠤᠳᠬᠠᠬᠤ ᠦᠨᠳᠦᠰᠦᠯᠡᠯ ᠪᠠᠭ᠎ᠠ ᠬᠠᠷᠠᠭᠳᠠᠭᠰᠠᠨ᠃  ᠲᠥᠷᠥ ᠶᠢᠨ ᠲᠠᠰᠤᠷᠠᠯᠲᠠ ᠦᠭᠡᠢ ᠦᠢᠯᠡ ᠠᠵᠢᠯᠯᠠᠭ᠎ᠠ ᠭᠡᠳᠡᠭ ᠡᠭᠦᠳᠡᠨ ᠡᠴᠡ ᠪᠢ ᠪᠠᠶᠢᠩᠭᠤ ᠶᠢᠨ ᠬᠣᠷᠢᠶᠠᠨ ᠤ ᠭᠡᠰᠢᠭᠦᠳ ᠡᠴᠡ ᠪᠡᠨ ᠨᠠᠮᠠᠶᠢ ᠠᠪᠴᠤ ᠦᠯᠡᠳᠡᠨ᠎ᠡ ᠭᠡᠵᠦ ᠪᠢᠲᠡᠭᠡᠢ ᠺᠨᠣᠫ ᠳᠠᠷᠤᠭᠠᠷᠠᠢ᠂ ᠴᠢᠯᠦᠭᠡᠯᠡᠭᠡᠳ ᠥᠭᠭᠦᠭᠡᠴᠢ ᠭᠡᠵᠦ ᠭᠤᠶᠤᠭᠰᠠᠨ᠃ ᠳᠠᠷᠠᠭ᠎ᠠ ᠶᠢᠨ ᠬᠦᠮᠦᠨ ᠨᠢ ᠢᠷᠡᠭᠡᠳ ᠠᠵᠢᠯ ᠢᠶᠠᠨ ᠴᠡᠭᠴᠡᠯᠡᠭᠡᠳ ᠶᠠᠪᠤᠬᠤ ᠨᠢ ᠵᠦᠢᠲᠡᠢ᠃ ᠥᠪᠡᠷ ᠦᠨ ᠡᠬᠢᠯᠡᠭᠦᠯᠦᠭᠰᠡᠨ ᠰᠠᠭᠤᠷᠢ ᠠᠵᠢᠯ ᠪᠣᠯ ᠪᠣᠯᠪᠠᠰᠤᠷᠠᠯ ᠤᠨ ᠰᠢᠰᠲ᠋ᠧᠮ ᠢ ᠪᠦᠬᠦᠯᠢ ᠳᠦ ᠨᠢ ᠣᠨᠣᠰᠢᠯᠠᠭ᠎ᠠ ᠬᠢᠬᠦ ᠠᠵᠢᠯ ᠢ ᠪᠢ ᠡᠬᠢᠯᠡᠭᠦᠯᠦᠭᠰᠡᠨ ᠳᠦ ᠪᠡᠨ ᠲᠠᠭᠠᠲᠠᠢ ᠪᠠᠶᠢᠭ᠎ᠠ᠃ ᠡᠭᠦᠨ ᠳᠦ ᠰᠤᠷᠬᠤ ᠪᠢᠴᠢᠭ᠂ ᠪᠠᠭᠰᠢ᠂ ᠰᠤᠷᠭᠠᠯᠲᠠ ᠶᠢᠨ ᠠᠰᠠᠭᠤᠳᠠᠯ ᠵᠡᠷᠭᠡ ᠰᠢᠰᠲ᠋ᠧᠮ ᠢᠶᠡᠨ ᠪᠦᠬᠦᠯᠢ ᠳᠦ ᠨᠢ ᠬᠠᠷᠠᠵᠤ ᠣᠨᠣᠰᠢᠯᠠᠬᠤ ᠦᠭᠡᠢ ᠪᠣᠯ ᠠᠯᠢ ᠨᠢᠭᠡ ᠠᠰᠠᠭᠤᠳᠠᠯ ᠢ ᠨᠢ ᠰᠢᠢᠳᠦᠭᠰᠡᠨ ᠢᠶᠡᠷ ᠰᠢᠰᠲ᠋ᠧᠮ ᠪᠦᠬᠦᠯᠢ ᠳᠦ ᠪᠡᠨ ᠵᠥᠪ  ᠭᠤᠯᠳᠤᠷᠢᠯ ᠤᠷᠤᠭᠤ ᠪᠠᠨ ᠤᠷᠤᠬᠤ ᠪᠣᠯᠤᠮᠵᠢ ᠦᠭᠡᠢ᠃ ᠮᠡᠳᠡᠭᠡᠵᠢ ᠬᠦᠮᠦᠨ ᠡᠬᠢᠯᠡᠭᠦᠯᠦᠭᠰᠡᠨ ᠠᠵᠢᠯ ᠤᠨ ᠢᠶᠠᠨ ᠦᠷ᠎ᠡ ᠳ᠋ᠦᠩ ᠢ ᠦᠵᠡᠬᠦ ᠶᠢ ᠪᠣᠳᠣᠨ᠎ᠠ ᠭᠡᠪᠡ ᠃

ᠰᠡᠳᠬᠢᠭᠳᠡᠯ ᠦᠯᠡᠳᠡᠭᠡᠬᠦ