ᠸᠠᠯᠢᠶᠤᠲ ᠠᠷᠠᠯᠵᠢᠶᠠᠨ ᠳᠤ ᠢᠷᠭᠡᠨ ᠦ ᠦᠨᠡᠮᠯᠡᠬᠦ  ᠬᠡᠷᠡᠭᠯᠡᠨ᠎ᠡ | News.MN

ᠸᠠᠯᠢᠶᠤᠲ ᠠᠷᠠᠯᠵᠢᠶᠠᠨ ᠳᠤ ᠢᠷᠭᠡᠨ ᠦ ᠦᠨᠡᠮᠯᠡᠬᠦ  ᠬᠡᠷᠡᠭᠯᠡᠨ᠎ᠡ

︽ᠮᠥᠩᠭᠥ ᠤᠬᠢᠶᠠᠬᠤ᠂ ᠲᠧᠷᠷᠣᠷᠢᠰᠮ ᠢ ᠰᠠᠩᠬᠦᠦᠵᠢᠭᠦᠯᠬᠦ ᠲᠡᠢ ᠲᠡᠮᠡᠴᠡᠬᠦ ᠲᠤᠬᠠᠢ︾ ᠬᠠᠤᠯᠢ ᠶᠢᠨ ᠬᠡᠷᠡᠭᠵᠢᠯᠲᠡ ᠶᠢ ᠬᠠᠩᠭᠠᠬᠤ ᠡᠭᠦᠳᠡᠨ ᠡᠴᠡ ᠥᠨᠥᠳᠥᠷ ᠡᠴᠡ ᠡᠬᠢᠯᠡᠭᠡᠳ ᠸᠠᠯᠢᠶᠤᠲ ᠠᠷᠠᠯᠵᠢᠶᠠᠨ ᠤ ᠲᠥᠪ ᠦᠳ ᠢᠷᠭᠡᠨ ᠦ ᠦᠨᠡᠮᠯᠡᠬᠦ ᠪᠡᠷ ᠦᠢᠯᠡᠴᠢᠯᠡᠨ᠎ᠡ᠃ ᠢᠷᠭᠡᠳ ᠬᠡᠳᠦᠢ ᠬᠡᠮᠵᠢᠶᠡᠨ ᠦ  ᠸᠠᠯᠢᠶᠤᠲ ᠰᠣᠯᠢᠭᠤᠯᠬᠤ ᠠᠴᠠ ᠦᠯᠦ ᠬᠠᠷᠠᠭᠠᠯᠵᠠᠨ ᠢᠷᠭᠡᠨ ᠦ ᠪᠢᠴᠢᠭ ᠪᠠᠷᠢᠮᠲᠠ ᠪᠠᠷ ᠦᠢᠯᠡᠴᠢᠯᠡᠭᠦᠯᠬᠦ ᠪᠥᠭᠡᠳ ᠱᠠᠭᠠᠷᠳᠠᠯᠭ᠎ᠠ ᠲᠠᠢ ᠪᠣᠯ ᠸᠠᠯᠢᠶᠤᠲ ᠠᠷᠠᠯᠵᠢᠶᠠᠨ ᠤ ᠲᠥᠪ ᠦᠳ ᠦᠢᠯᠡᠴᠢᠯᠡᠬᠦ ᠡᠴᠡ ᠲᠠᠲᠠᠭᠠᠯᠵᠠᠬᠤ ᠶᠣᠰᠣᠲᠠᠢ᠃ ᠡᠨᠡ ᠲᠠᠯ᠎ᠠ ᠪᠠᠷ ︽ᠮᠥᠩᠭᠥ ᠤᠬᠢᠶᠠᠬᠤ᠂ ᠲᠧᠷᠷᠣᠷᠢᠰᠮ ᠢ ᠰᠠᠩᠬᠦᠵᠢᠭᠦᠯᠬᠦ ᠲᠡᠢ ᠲᠡᠮᠡᠴᠡᠬᠦ ᠲᠤᠬᠠᠢ︾ ᠬᠠᠤᠯᠢ ᠶᠢᠨ 5.4 ᠍ ᠳᠦ ᠬᠠᠷᠢᠯᠴᠠᠭᠴᠢ ᠡᠨᠡ ᠬᠠᠤᠯᠢ ᠶᠢᠨ 5.2᠂ 5.3  ᠳᠦ ᠵᠢᠭᠠᠭᠰᠠᠨ ᠤ ᠳᠠᠭᠠᠤ ᠱᠠᠭᠠᠷᠳᠠᠭᠰᠠᠨ ᠮᠡᠳᠡᠭᠡᠯᠡᠯ ᠢ ᠥᠭᠬᠦ ᠡᠴᠡ ᠲᠠᠲᠠᠭᠠᠯᠵᠠᠪᠠᠯ ᠡᠨᠡ ᠬᠠᠤᠯᠢ ᠶᠢᠨ 4.1 ᠳᠦ ᠵᠢᠭᠠᠭᠰᠠᠨ ᠡᠲᠡᠭᠡᠳ ᠲᠡᠭᠦᠨ ᠳᠦ ᠦᠢᠯᠡᠴᠢᠯᠡᠭᠡ ᠦᠵᠡᠭᠦᠯᠬᠦ ᠡᠴᠡ ᠲᠠᠲᠠᠭᠠᠯᠵᠠᠬᠤ  ᠡᠭᠦᠷᠭᠡ ᠲᠡᠢ ᠬᠡᠮᠡᠨ ᠵᠢᠭᠠᠭᠰᠠᠨ᠃
ᠡᠨᠡ ᠬᠦ ᠬᠠᠤᠯᠢ ᠶᠢᠨ ᠵᠢᠭᠠᠯᠲᠠ ᠶᠢᠨ ᠬᠡᠷᠡᠭᠵᠢᠯᠲᠡ ᠳᠦ ᠰᠠᠩᠬᠦᠦ ᠶᠢᠨ ᠵᠣᠬᠢᠴᠠᠭᠤᠯᠬᠤ ᠬᠣᠷᠢᠶ᠎ᠠ ᠬᠢᠨᠠᠯᠲᠠ ᠲᠠᠯᠪᠢᠬᠤ ᠶᠤᠮ᠃ ᠮᠠᠨ ᠤ ᠤᠯᠤᠰ FATF ᠦᠨ ᠲᠥᠷᠥᠯ ᠦᠨ ᠪᠠᠶᠢᠭᠤᠯᠤᠯᠭ᠎ᠠ ᠪᠣᠯᠬᠤ APG ᠶᠢᠨ ᠭᠡᠰᠢᠭᠦᠨ ᠪᠥᠭᠡᠳ ︽ᠬᠠᠷ᠎ᠠ ᠰᠠᠷᠠᠯ︾ ᠵᠢᠭᠰᠠᠭᠠᠯᠲᠠ ᠳᠤ ᠤᠷᠤᠬᠤ ᠡᠷᠡᠰᠳᠡᠯ ᠲᠡᠢ ᠪᠠᠶᠢᠭ᠎ᠠ ᠪᠢᠯᠡ᠃ ᠲᠤᠰ ᠪᠠᠶᠢᠭᠤᠯᠤᠯᠭ᠎ᠠ ᠠᠴᠠ ᠭᠠᠷᠭᠠᠭᠰᠠᠨ 40 ᠵᠥᠪᠯᠡᠮᠵᠢ ᠪᠦᠬᠦᠢ ᠰᠲ᠋ᠠᠨᠳᠠᠷᠲ ᠢ ᠪᠦᠷᠢᠨ ᠬᠡᠷᠡᠭᠵᠢᠭᠦᠯᠦᠭᠰᠡᠨ ᠢᠶᠡᠷ ᠤᠭ ᠵᠢᠭᠰᠠᠭᠠᠯᠲᠠ ᠳᠤ ᠪᠢᠴᠢᠭᠳᠡᠬᠦ ᠦᠭᠡᠢ ᠪᠠᠶᠢᠬᠤ ᠪᠣᠯᠤᠮᠵᠢ ᠪᠥᠷᠢᠳᠬᠦ ᠶᠤᠮ᠃ ᠢᠷᠡᠬᠦ ᠣᠨ ᠤ ᠠᠷᠪᠠᠳᠤᠭᠠᠷ ᠰᠠᠷ᠎ᠠ ᠬᠦᠷᠲᠡᠯᠡᠬᠢ ᠬᠤᠭᠤᠴᠠᠭᠠᠨ ᠳᠤ ᠤᠭ ᠰᠲ᠋ᠠᠨᠳᠠᠷᠲ ᠢ ᠪᠦᠷᠢᠨ ᠬᠡᠷᠡᠭᠵᠢᠭᠦᠯᠬᠦ ᠡᠭᠦᠷᠭᠡ ᠬᠦᠯᠢᠶᠡᠵᠦ ᠪᠤᠢ ᠮᠣᠩᠭᠣᠯ ᠤᠯᠤᠰ ᠮᠥᠩᠭᠥ ᠤᠬᠢᠶᠠᠬᠤ᠂ ᠲᠧᠷᠷᠣᠷᠢᠰᠮ ᠢ ᠰᠠᠩᠬᠦᠦᠵᠢᠭᠦᠯᠬᠦ ᠲᠡᠢ ᠲᠡᠮᠡᠴᠡᠬᠦ ᠬᠦᠷᠢᠶᠡᠨ ᠳᠦ ᠢᠳᠡᠪᠬᠢᠲᠡᠢ ᠠᠵᠢᠯᠯᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ