ᠳᠤᠮᠳᠠᠭᠤᠪᠢ ᠳᠤ ᠣᠷᠣᠰ ᠬᠡᠯᠡᠨ ᠦ ᠲᠥᠪ ᠨᠡᠭᠡᠭᠡᠯ᠎ᠡ | News.MN

ᠳᠤᠮᠳᠠᠭᠤᠪᠢ ᠳᠤ ᠣᠷᠣᠰ ᠬᠡᠯᠡᠨ ᠦ ᠲᠥᠪ ᠨᠡᠭᠡᠭᠡᠯ᠎ᠡ

ᠮᠣᠩᠭᠣᠯ ᠣᠷᠣᠰ ᠤᠨ ᠨᠠᠶᠢᠷᠠᠮᠳᠠᠯ ᠤᠨ ᠰᠠᠷ᠎ᠠ ᠶᠢᠨ ᠠᠶᠠᠨ ᠤ ᠬᠦᠷᠢᠶᠡᠨ ᠳᠦ ᠲᠤᠰ ᠨᠡᠶᠢᠭᠡᠮᠯᠢᠭ ᠡᠴᠡ ᠳᠤᠮᠳᠠᠭᠤᠪᠢ ᠠᠶᠢᠮᠠᠭ ᠲᠤ ᠣᠷᠣᠰ ᠬᠡᠯᠡᠨ ᠦ ᠣᠯᠢᠮᠫᠢᠶᠠᠳ᠋ ᠵᠣᠬᠢᠶᠠᠨ ᠪᠠᠶᠢᠭᠤᠯᠵᠤ᠂ ︽ᠣᠷᠣᠰ ᠬᠡᠯᠡᠨ ᠦ ᠲᠥᠪ︾ ᠨᠡᠭᠡᠭᠡᠵᠦ᠂ ᠣᠷᠣᠰ ᠤᠯᠤᠰ ᠲᠤ ᠰᠤᠷᠤᠯᠴᠠᠬᠤ ᠡᠷᠬᠡ ᠣᠯᠭᠣᠬᠤ ᠵᠡᠷᠭᠡ ᠦᠢᠯᠡ ᠠᠵᠢᠯᠯᠠᠭ᠎ᠠ ᠶᠢ 12 ᠳ᠋ᠤᠭᠠᠷ ᠰᠠᠷ᠎ᠠ ᠶᠢᠨ 8-9 ᠦ ᠡᠳᠦᠷ ᠦᠳ ᠲᠦ ᠵᠣᠬᠢᠶᠠᠨ ᠪᠠᠶᠢᠭᠤᠯᠵᠠᠢ᠃ ᠮᠣᠩᠭᠣᠯ ᠣᠷᠣᠰ ᠤᠨ ᠨᠠᠶᠢᠷᠠᠮᠳᠠᠯ ᠤᠨ ᠰᠠᠷ᠎ᠠ ᠶᠢᠨ ᠠᠶᠠᠨ ᠤ ᠬᠦᠷᠢᠶᠡᠨ ᠳᠦ ᠵᠣᠬᠢᠶᠠᠨ ᠪᠠᠶᠢᠭᠤᠯᠤᠭᠳᠠᠳᠠᠭ ᠣᠷᠣᠰ ᠬᠡᠯᠡᠨ ᠦ ᠣᠯᠢᠮᠫᠢᠶᠠᠳ᠋ ᠲᠤ ᠠᠶᠢᠮᠠᠭ ᠤᠨ ᠲᠥᠪ ᠦᠨ ᠰᠤᠷᠭᠠᠭᠤᠯᠢ ᠨᠤᠭᠤᠳ ᠠᠴᠠ ᠰᠢᠯᠭᠠᠷᠠᠭᠰᠠᠨ 28 ᠰᠤᠷᠤᠭᠴᠢ᠂ 10 ᠪᠠᠭᠰᠢ ᠣᠷᠣᠯᠴᠠᠵᠤ᠂ ᠰᠢᠯᠢᠳᠡᠭ ᠦᠳ ᠢᠶᠡᠨ ᠰᠢᠯᠭᠠᠷᠠᠭᠤᠯᠤᠭᠰᠠᠨ ᠪᠠᠶᠢᠨ᠎ᠠ᠃ ᠮᠦᠨ ᠳᠤᠮᠳᠠᠭᠤᠪᠢ ᠠᠶᠢᠮᠠᠭ ᠲᠤ ᠣᠷᠣᠰ ᠬᠡᠯᠡ ᠶᠢ ᠬᠥᠭᠵᠢᠭᠦᠯᠬᠦ᠂ ᠣᠷᠣᠰ ᠬᠡᠯᠡ ᠶᠢ ᠭᠦᠨᠵᠡᠭᠡᠶᠢᠷᠡᠭᠦᠯᠦᠨ ᠡᠵᠡᠮᠰᠢᠭᠦᠯᠬᠦ ᠵᠣᠷᠢᠯᠭ᠎ᠠ ᠪᠠᠷ ︽ᠭᠣᠪᠢ ᠶᠢᠨ ᠢᠷᠡᠭᠡᠳᠦᠢ︾ ᠴᠣᠭᠴᠠᠯᠠᠪᠤᠷᠢ ᠰᠤᠷᠭᠠᠭᠤᠯᠢ ᠳᠡᠭᠡᠷ᠎ᠡ ︽ᠣᠷᠣᠰ ᠬᠡᠯᠡᠨ ᠦ ᠲᠥᠪ︾ ᠢ ᠨᠡᠭᠡᠭᠡᠵᠦ᠂ ᠦᠢᠯᠡ ᠠᠵᠢᠯᠯᠠᠭ᠎ᠠ ᠶᠢ ᠡᠬᠢᠯᠡᠭᠦᠯᠦᠭᠰᠡᠨ ᠪᠠᠶᠢᠨ᠎ᠠ᠃
ᠮᠣᠩᠭᠣᠯ ᠣᠷᠣᠰ ᠤᠨ ᠨᠠᠶᠢᠷᠠᠮᠳᠠᠯ ᠤᠨ ᠨᠡᠶᠢᠭᠡᠮᠯᠢᠭ ᠡᠴᠡ ᠵᠣᠬᠢᠶᠠᠨ ᠪᠠᠶᠢᠭᠤᠯᠤᠭᠰᠠᠨ ᠳᠡᠭᠡᠷᠡᠬᠢ ᠦᠢᠯᠡ ᠠᠵᠢᠯᠯᠠᠭᠠᠨ ᠳᠤ ᠣᠷᠣᠰ ᠦᠨ ᠬᠣᠯᠪᠣᠭᠠᠨ ᠤ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠨᠢᠭᠡᠳᠦᠭᠡᠷ ᠨᠠᠷᠢᠨ ᠪᠢᠴᠢᠭ ᠦᠨ ᠳᠠᠷᠤᠭ᠎ᠠ᠂ ᠤᠯᠠᠭᠠᠨᠪᠠᠭᠠᠲᠤᠷ ᠲᠡᠬᠢ ᠣᠷᠣᠰ ᠤᠨ ᠰᠢᠨᠵᠢᠯᠡᠬᠦ ᠤᠬᠠᠭᠠᠨ᠂ ᠰᠣᠶᠣᠯ ᠤᠨ ᠲᠥᠪ ᠦᠨ ᠵᠠᠬᠢᠷᠤᠯ ᠤᠨ ᠡᠭᠦᠷᠭᠡ ᠭᠦᠢᠴᠡᠳᠭᠡᠭᠴᠢ ᠲᠠᠲ᠋ᠢᠶᠠᠨᠠ  ᠴᠠᠭᠳᠤᠷᠤᠪᠨᠠ ᠪᠤᠳᠠᠶ᠋ᠸᠸ᠎ᠠ ᠣᠷᠣᠯᠴᠠᠵᠠᠢ᠃

ᠰᠡᠳᠬᠢᠭᠳᠡᠯ ᠦᠯᠡᠳᠡᠭᠡᠬᠦ