ᠨ∙ᠭᠠᠩᠪᠠᠭᠠᠲᠤᠷ ᠨᠠᠷ ᠤᠨ ᠪᠠᠷᠢᠯᠳᠤᠬᠤ ᠡᠷᠬᠡ ᠶᠢ ᠬᠠᠰᠤᠯ᠎ᠠ | News.MN

ᠨ∙ᠭᠠᠩᠪᠠᠭᠠᠲᠤᠷ ᠨᠠᠷ ᠤᠨ ᠪᠠᠷᠢᠯᠳᠤᠬᠤ ᠡᠷᠬᠡ ᠶᠢ ᠬᠠᠰᠤᠯ᠎ᠠ

ᠦᠨᠳᠦᠰᠦᠨ ᠦ ᠶᠡᠬᠡ ᠪᠠᠶᠠᠷ ᠨᠠᠭᠠᠳᠤᠮ ᠢ ᠵᠣᠬᠢᠶᠠᠨ ᠪᠠᠶᠢᠭᠤᠯᠬᠤ ᠬᠣᠷᠢᠶᠠᠨ ᠤ ᠬᠤᠷᠠᠯ ᠢᠶᠠᠷ ᠲᠤᠯᠭᠤᠷ ᠲᠥᠷᠥ ᠶᠢᠨ 2227᠂ ᠶᠡᠬᠡ ᠮᠣᠩᠭᠣᠯ ᠤᠯᠤᠰ ᠤᠨ 812᠂ ᠠᠷᠠᠳ ᠤᠨ ᠬᠤᠪᠢᠰᠬᠠᠯ ᠤᠨ 97 ᠵᠢᠯ ᠦᠨ ᠣᠢ ᠶᠢᠨ ᠪᠠᠶᠠᠷ ᠨᠠᠭᠠᠳᠤᠮ ᠤᠨ ᠦᠨᠳᠦᠰᠦᠨ ᠦ ᠪᠥᠬᠡ ᠶᠢᠨ ᠪᠠᠷᠢᠯᠳᠤᠭᠠᠨ ᠳᠤ ᠰᠢᠪᠦᠭᠡᠷᠡᠭᠰᠡᠨ 16 ᠪᠥᠬᠡ ᠶᠢᠨ ᠰᠡᠷᠭᠦᠭᠡᠰᠢ ᠶᠢᠨ ᠰᠢᠨᠵᠢᠯᠡᠭᠡᠨ ᠦ ᠳ᠋ᠦᠩᠨᠡᠯᠲᠡ ᠲᠡᠢ ᠬᠣᠯᠪᠣᠭᠳᠠᠭᠤᠯᠤᠨ ᠠᠪᠬᠤ ᠠᠷᠭ᠎ᠠ ᠬᠡᠮᠵᠢᠶᠡᠨ ᠦ ᠲᠠᠯ᠎ᠠ ᠪᠠᠷ ᠬᠡᠯᠡᠯᠴᠡᠭᠡᠳ ᠳᠠᠷᠠᠭᠠᠬᠢ ᠰᠢᠢᠳᠪᠦᠷᠢ ᠶᠢ ᠭᠠᠷᠭᠠᠯ᠎ᠠ᠃ ᠢᠲᠡᠭᠡᠮᠵᠢᠯᠡᠭᠳᠡᠭᠰᠡᠨ ᠯᠠᠪᠤᠷᠠᠲ᠋ᠣᠷᠢ ᠶᠢᠨ ᠳ᠋ᠦᠩᠨᠡᠯᠲᠡ ᠪᠡᠷ ᠰᠡᠷᠭᠦᠭᠡᠰᠢ ᠬᠡᠷᠡᠭᠯᠡᠭᠰᠡᠨ ᠨᠢ ᠲᠣᠭᠲᠠᠭᠠᠭᠳᠠᠭᠰᠠᠨ ᠤᠯᠤᠰ ᠤᠨ ᠭᠠᠷᠤᠳᠢ ᠨ∙ᠭᠠᠩᠪᠠᠭᠠᠲᠤᠷ᠂ ᠤᠯᠤᠰ ᠤᠨ  ᠬᠠᠷᠴᠠᠭᠠᠢ ᠠ᠊∙ᠴᠠᠴᠠᠪᠰᠢᠷ᠂ ᠤᠯᠤᠰ ᠤᠨ ᠨᠠᠴᠢᠨ ᠼ∙ᠪᠢᠮᠪᠠᠸ᠋ᠴᠢᠷ ᠨᠠᠷ ᠤᠨ ᠦᠨᠳᠦᠰᠦᠨ ᠦ ᠶᠡᠬᠡ ᠪᠠᠶᠠᠷ ᠨᠠᠭᠠᠳᠤᠮ ᠤᠨ ᠪᠥᠬᠡ ᠶᠢᠨ ᠪᠠᠷᠢᠯᠳᠤᠭᠠᠨ ᠳᠤ ᠲᠠᠪᠤ ᠳᠠᠪᠠᠭᠰᠠᠨ ᠢ ᠬᠦᠴᠦᠨ ᠦᠭᠡᠢ ᠳᠦ ᠲᠣᠭᠠᠴᠠᠯ᠎ᠠ ᠃ ᠤᠯᠤᠰ ᠤᠨ ᠭᠠᠷᠤᠳᠢ ᠨ∙ᠭᠠᠩᠪᠠᠭᠠᠲᠤᠷ᠂ ᠤᠯᠤᠰ ᠤᠨ ᠬᠠᠷᠴᠠᠭᠠᠢ ᠠ᠊∙ᠴᠠᠴᠠᠪᠰᠢᠷ ᠨᠠᠷ ᠲᠤ ᠣᠯᠭᠤᠭᠰᠠᠨ ︽ᠬᠤᠷᠴᠠ ᠱᠠᠯᠠᠮᠠᠭᠠᠢ 》 ᠴᠢᠮᠡᠭ ᠢ ᠬᠤᠷᠢᠶᠠᠵᠤ᠂ ᠤᠯᠤᠰ ᠤᠨ ᠪᠠᠶᠠᠷ ᠨᠠᠭᠠᠳᠤᠮ ᠳᠤ ᠪᠠᠷᠢᠯᠳᠤᠬᠤ ᠡᠷᠬᠡ ᠶᠢ ᠬᠣᠶᠠᠷ ᠵᠢᠯ ᠦᠨ ᠬᠤᠭᠤᠴᠠᠭ᠎ᠠ ᠪᠠᠷ ᠬᠠᠰᠤᠯ᠎ᠠ᠃ ᠮᠥᠨ ᠤᠯᠤᠰ ᠤᠨ ᠨᠠᠴᠢᠨ ᠼ ∙ ᠪᠢᠮᠪᠠᠸ᠋ᠴᠢᠷ  ᠤᠨ ᠤᠯᠤᠰ ᠤᠨ ᠨᠠᠭᠠᠳᠤᠮ ᠳᠤ ᠪᠠᠷᠢᠯᠳᠤᠬᠤ ᠡᠷᠬᠡ ᠶᠢ ᠬᠣᠶᠠᠷ ᠵᠢᠯ ᠢᠶᠡᠷ ᠬᠠᠰᠤᠪᠠ᠃

ᠰᠡᠳᠬᠢᠭᠳᠡᠯ ᠦᠯᠡᠳᠡᠭᠡᠬᠦ