ᠪᠠᠭ᠎ᠠ ᠣᠪᠣᠷ ᠤᠨ ᠠᠭᠠᠷ ᠤᠨ ᠬᠥᠯᠭᠡ ᠤᠭᠰᠠᠷᠠᠨ᠎ᠠ | News.MN

ᠪᠠᠭ᠎ᠠ ᠣᠪᠣᠷ ᠤᠨ ᠠᠭᠠᠷ ᠤᠨ ᠬᠥᠯᠭᠡ ᠤᠭᠰᠠᠷᠠᠨ᠎ᠠ

ᠳᠡᠯᠡᠬᠡᠢ ᠶᠢᠨ ᠵᠠᠬ᠎ᠠ ᠵᠡᠭᠡᠯᠢ ᠳᠡᠭᠡᠷ᠎ᠡ ᠶᠡᠷᠦᠩᠬᠡᠢ ᠵᠣᠷᠢᠭᠤᠯᠤᠯᠲᠠ ᠶᠢᠨ ᠠᠭᠠᠷ ᠤᠨ ᠬᠥᠯᠭᠡ ᠶᠢᠨ ᠦᠢᠯᠡᠳᠪᠦᠷᠢᠯᠡᠯ ᠡᠷᠴᠢᠮᠲᠡᠢ ᠬᠥᠭᠵᠢᠵᠦ ᠪᠠᠶᠢᠨ᠎ᠠ᠃ ᠢᠯᠠᠩᠭᠤᠶ᠎ᠠ ᠧᠦ᠋ᠷᠣᠫᠠ ᠶᠢᠨ ᠬᠣᠯᠪᠣᠭᠠᠨ ᠤ ᠤᠯᠤᠰ ᠤᠳ ᠣᠷᠴᠢᠨ ᠦᠶ᠎ᠡ ᠶᠢᠨ ᠵᠢᠵᠢᠭ ᠣᠪᠣᠷ ᠤᠨ ᠠᠭᠠᠷ ᠤᠨ ᠬᠥᠯᠭᠡ ᠤᠭᠰᠠᠷᠠᠵᠤ᠂ ᠦᠢᠯᠡᠳᠪᠦᠷᠢᠯᠡᠨ ᠵᠠᠬ᠎ᠠ ᠵᠡᠭᠡᠯᠢ ᠳᠦ ᠨᠡᠶᠢᠯᠡᠭᠦᠯᠵᠦ ᠪᠤᠢ᠃ ᠢᠷᠭᠡᠨ ᠦ ᠨᠢᠰᠬᠦ ᠶᠢᠨ ᠶᠡᠷᠦᠩᠬᠡᠢ ᠭᠠᠵᠠᠷ ᠪᠣᠯᠤᠨ ︽ᠮᠣᠩᠭᠣᠯ ᠤᠨ ᠢᠷᠭᠡᠨ ᠦ ᠠᠭᠠᠷ ᠤᠨ ᠲᠡᠭᠡᠭᠡᠪᠦᠷᠢ︾ ᠺᠣᠮᠫᠠᠨᠢ᠂ ᠣᠷᠣᠰ ᠤᠨ ᠨᠤᠸᠤᠰᠢᠪᠢᠷᠰᠺ ᠬᠣᠲᠠ ᠶᠢᠨ ᠨᠢᠰᠬᠦ ᠶᠢᠨ ᠡᠷᠳᠡᠮ ᠰᠢᠨᠵᠢᠯᠡᠭᠡᠨ ᠦ ᠬᠦᠷᠢᠶᠡᠯᠡᠩ ᠳᠦ ᠵᠣᠬᠢᠶᠠᠨ ᠪᠦᠲᠦᠭᠡᠭᠰᠡᠨ ТВС-2 МС ᠠᠭᠠᠷ ᠤᠨ ᠬᠥᠯᠭᠡ ᠶᠢ ᠣᠷᠣᠰ ᠤᠨ ᠮᠡᠷᠭᠡᠵᠢᠯᠲᠡᠨ ᠨᠠᠷ ᠲᠡᠢ ᠬᠠᠮᠲᠤᠷᠠᠨ ᠤᠭᠰᠠᠷᠠᠬᠤ᠂ ᠪᠦᠭᠦᠳᠡ ᠨᠠᠶᠢᠷᠠᠮᠳᠠᠬᠤ ᠰᠯᠤᠸ᠋ᠸᠨᠢᠶ᠎ᠠ ᠤᠯᠤᠰ ᠤᠨ Pipistrel ᠠᠭᠠᠷ ᠤᠨ ᠬᠥᠯᠭᠡ ᠶᠢ ᠮᠣᠩᠭᠣᠯ ᠤᠯᠤᠰ ᠲᠤ ᠤᠭᠰᠠᠷᠠᠬᠤ ᠰᠤᠳᠤᠯᠭᠠᠨ ᠤ ᠠᠵᠢᠯ ᠬᠢᠭᠳᠡᠵᠦ ᠪᠠᠶᠢᠨ᠎ᠠ᠃
︽ᠵᠠᠰᠠᠭ ᠤᠨ ᠭᠠᠵᠠᠷ ᠤᠨ 2016-2020 ᠣᠨ ᠤ ᠦᠢᠯᠡ ᠠᠵᠢᠯᠯᠠᠭᠠᠨ ᠤ ᠬᠥᠲᠥᠯᠪᠦᠷᠢ︾  ᠶᠢ ᠬᠡᠷᠡᠭᠵᠢᠭᠦᠯᠬᠦ ᠠᠵᠢᠯ ᠤᠨ ᠬᠦᠷᠢᠶᠡᠨ ᠳᠦ ᠵᠠᠮ ᠲᠡᠭᠡᠭᠡᠪᠦᠷᠢ ᠶᠢᠨ ᠬᠥᠭᠵᠢᠯ ᠦᠨ ᠶᠠᠮᠤᠨ ᠤ ᠰᠠᠶᠢᠳ ᠤᠨ 2018 ᠣᠨ ᠤ 11 ᠳ᠋ᠤᠭᠡᠷ ᠰᠠᠷ᠎ᠠ ᠶᠢᠨ 28 ᠍ ᠤ ᠡᠳᠦᠷ ᠦᠨ 263 ᠲᠣᠭᠠᠲᠤ ᠲᠤᠰᠢᠶᠠᠯ ᠢᠶᠠᠷ ᠲᠥᠰᠥᠯ ᠢ ᠬᠡᠷᠡᠭᠵᠢᠭᠦᠯᠬᠦ ᠠᠵᠢᠯ ᠤᠨ ᠬᠡᠰᠡᠭ ᠢ ᠪᠠᠶᠢᠭᠤᠯᠤᠭᠰᠠᠨ᠃ ᠤᠭ ᠲᠥᠰᠥᠯ ᠢ ᠬᠡᠷᠡᠭᠵᠢᠭᠦᠯᠬᠦ ᠠᠵᠢᠯ ᠤᠨ ᠬᠡᠰᠡᠭ  ᠤᠨ ᠬᠢᠨ ᠵᠠᠮ ᠲᠡᠭᠡᠭᠡᠪᠦᠷᠢ ᠶᠢᠨ ᠶᠠᠮᠤᠨ ᠤ ᠬᠥᠭᠵᠢᠯ ᠦᠨ ᠰᠠᠶᠢᠳ ᠶ∙ᠰᠤᠳᠤᠪᠠᠭᠠᠲᠤᠷ ᠲᠤ ТВС-2 МС ᠠᠭᠠᠷ ᠤᠨ ᠬᠥᠯᠭᠡ ᠶᠢᠨ ᠠᠩᠬᠠᠨ ᠤ ᠵᠠᠭᠪᠤᠷ ᠢ ᠭᠠᠷᠳᠠᠭᠤᠯᠤᠯ᠎ᠠ᠃

ᠰᠡᠳᠬᠢᠭᠳᠡᠯ ᠦᠯᠡᠳᠡᠭᠡᠬᠦ