ᠳ∙ᠵᠠᠭᠳᠠᠰᠦ᠋ᠷᠦᠩ ᠠᠵᠢᠯ ᠢᠶᠠᠨ ᠬᠦᠯᠢᠶᠡᠯᠭᠡᠨ ᠥᠭᠭᠦᠨ᠎ᠡ | News.MN

ᠳ∙ᠵᠠᠭᠳᠠᠰᠦ᠋ᠷᠦᠩ ᠠᠵᠢᠯ ᠢᠶᠠᠨ ᠬᠦᠯᠢᠶᠡᠯᠭᠡᠨ ᠥᠭᠭᠦᠨ᠎ᠡ

ᠮᠣᠩᠭᠣᠯ ᠤᠨ ᠦᠨᠳᠦᠰᠦᠨ ᠦ ᠣᠯᠢᠮᠫ ᠤᠨ ᠬᠣᠷᠢᠶ᠎ᠠ ᠶᠢᠨ ᠶᠡᠷᠦᠩᠬᠡᠶᠢᠯᠡᠭᠴᠢ ᠳ∙ᠵᠠᠭᠳᠠᠰᠦ᠋ᠷᠦᠩ 2018 ᠣᠨ ᠤ 11 ᠳ᠋ᠤᠭᠡᠷ ᠰᠠᠷ᠎ᠠ ᠳᠤ ᠮᠣᠩᠭᠣᠯ ᠤᠯᠤᠰ ᠤᠨ ᠬᠠᠤᠯᠢ ᠶᠢᠨ ᠳᠠᠭᠠᠤ ᠲᠡᠳᠬᠦᠪᠦᠷᠢ ᠲᠣᠭᠲᠠᠭᠠᠯᠭᠠᠬᠤ ᠡᠷᠬᠡ ᠨᠡᠭᠡᠭᠡᠭᠳᠡᠭᠰᠡᠨ ᠪᠠᠶᠢᠨ᠎ᠠ᠃ ᠲᠡᠶᠢᠮᠦ ᠡᠴᠡ ᠡᠭᠡᠯᠵᠢᠲᠦ ᠪᠤᠰᠤ ᠣᠯᠢᠮᠫ ᠤᠨ ᠴᠢᠭᠤᠯᠭᠠᠨ ᠢ 2019 ᠣᠨ ᠤ ᠳᠥᠷᠪᠡᠳᠦᠭᠡᠷ ᠰᠠᠷ᠎ᠠ ᠶᠢᠨ 25 ᠤ ᠡᠳᠦᠷ ᠬᠤᠷᠠᠯᠳᠤᠭᠤᠯᠵᠤ᠂ ᠶᠡᠷᠦᠩᠬᠡᠶᠢᠯᠡᠭᠴᠢ ᠶᠢᠨ ᠠᠵᠢᠯ ᠢᠶᠠᠨ ᠬᠦᠯᠢᠶᠡᠯᠭᠡᠨ ᠥᠭᠬᠦ ᠬᠦᠰᠡᠯᠲᠡ ᠭᠠᠷᠭᠠᠵᠠᠢ᠃ ᠤᠭ ᠬᠦᠰᠡᠯᠲᠡ ᠶᠢ 2019 ᠣᠨ ᠤ 01 ᠳ᠋ᠤᠭᠡᠷ ᠰᠠᠷ᠎ᠠ ᠶᠢᠨ 25 ᠍ ᠤ ᠡᠳᠦᠷ ᠬᠤᠷᠠᠯᠳᠤᠬᠤ ᠭᠡᠰᠢᠭᠦᠳ ᠦᠨ ᠬᠤᠷᠠᠯ ᠳᠤ ᠣᠷᠣᠭᠤᠯᠬᠤ ᠪᠠᠷ ᠲᠣᠭᠲᠠᠪᠠ᠃
ᠮᠣᠩᠭᠣᠯ ᠤᠨ ᠦᠨᠳᠦᠰᠦᠨ ᠦ ᠣᠯᠢᠮᠫ ᠤᠨ ᠬᠣᠷᠢᠶ᠎ᠠ ᠶᠢᠨ ᠳᠦᠷᠢᠮ ᠦᠨ 16.6 ᠍ ᠳᠦᠭᠡᠷ ᠵᠢᠭᠠᠯᠲᠠ ᠳᠦ ᠂ ᠱᠠᠭᠠᠷᠳᠠᠯᠭ᠎ᠠ ᠲᠠᠢ ᠲᠣᠬᠢᠶᠠᠯᠳᠤᠯ ᠳᠤ ᠮᠣᠩᠭᠣᠯ ᠤᠨ ᠦᠨᠳᠦᠰᠦᠨ ᠦ ᠣᠯᠢᠮᠫ ᠤᠨ ᠬᠣᠷᠢᠶ᠎ᠠ ᠶᠢᠨ ᠡᠭᠡᠯᠵᠢᠲᠦ ᠪᠤᠰᠤ ᠴᠢᠭᠤᠯᠭᠠᠨ ᠪᠣᠯᠤᠨ ᠭᠡᠰᠢᠭᠦᠳ ᠦᠨ ᠬᠤᠷᠠᠯ ᠢ ᠨᠡᠶᠢᠲᠡ ᠰᠠᠨᠠᠯ ᠥᠭᠬᠦ ᠡᠷᠬᠡ ᠲᠡᠢ ᠭᠡᠰᠢᠭᠦᠳ ᠦᠨ 75 ᠍ ᠠᠴᠠ ᠳᠡᠭᠡᠭᠰᠢ  ᠬᠤᠪᠢ ᠶᠢᠨ ᠡᠰᠡᠪᠡᠯ ᠭᠦᠢᠴᠡᠳᠭᠡᠬᠦ ᠵᠥᠪᠯᠡᠯ᠂ ᠶᠡᠷᠦᠩᠬᠡᠶᠢᠯᠡᠭᠴᠢ ᠶᠢᠨ ᠪᠢᠴᠢᠭ ᠢᠶᠡᠷ ᠭᠠᠷᠭᠠᠭᠰᠠᠨ ᠰᠠᠨᠠᠯ ᠢ ᠦᠨᠳᠦᠰᠦᠯᠡᠨ ᠬᠤᠭᠤᠴᠠᠭᠠᠨ ᠠᠴᠠ ᠨᠢ ᠡᠮᠦᠨ᠎ᠡ ᠵᠠᠷᠯᠠᠨ ᠬᠤᠷᠠᠯᠳᠤᠭᠤᠯᠵᠤ ᠪᠣᠯᠤᠨ᠎ᠠ ᠭᠡᠵᠡᠢ ᠃

ᠰᠡᠳᠬᠢᠭᠳᠡᠯ ᠦᠯᠡᠳᠡᠭᠡᠬᠦ