ᠮᠣᠩᠭᠣᠯ ᠤᠯᠤᠰ ᠤᠨ ᠰᠢᠳᠠᠷ ᠰᠠᠶᠢᠳ ᠥ᠊∙ᠡᠩᠬᠡᠲᠦ᠋ᠪᠰᠢᠨ ᠥᠨᠥᠳᠥᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠦᠨ ᠵᠠᠬ᠎ᠠ ᠵᠡᠭᠡᠯᠢ ᠶᠢ ᠬᠢᠨᠠᠨ ᠵᠣᠬᠢᠴᠠᠭᠤᠯᠬᠤ ᠭᠠᠵᠠᠷ ᠤᠨ ᠳᠠᠷᠤᠭ᠎ᠠ ᠵᠠᠩ ᠮᠠᠣ ᠲᠡᠷᠢᠭᠦᠲᠡᠢ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠪᠠ᠃ ᠮᠣᠩᠭᠣᠯ ᠤᠯᠤᠰ ᠤᠨ ᠰᠢᠳᠤᠷᠭᠤ ᠦᠷᠢᠰᠦᠯᠳᠦᠭᠡᠨ ᠬᠡᠷᠡᠭᠯᠡᠭᠴᠢ ᠶᠢᠨ ᠲᠥᠯᠥᠭᠡ ᠭᠠᠵᠠᠷ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠶᠢᠨ ᠵᠠᠬ᠎ᠠ ᠵᠡᠭᠡᠯᠢ ᠶᠢ ᠬᠢᠨᠠᠨ ᠵᠣᠬᠢᠴᠠᠭᠤᠯᠬᠤ ᠭᠠᠵᠠᠷ ᠬᠣᠭᠣᠷᠣᠨᠳᠣ ᠬᠡᠷᠡᠭᠯᠡᠭᠴᠢ ᠶᠢᠨ ᠡᠷᠬᠡ ᠶᠢ ᠬᠠᠮᠠᠭᠠᠯᠠᠬᠤ ᠪᠣᠯᠤᠨ ᠥᠷᠢᠰᠦᠯᠳᠦᠭᠡᠨ ᠦ ᠠᠰᠠᠭᠤᠳᠠᠯ ᠢᠶᠠᠷ ᠰᠠᠨᠠᠮᠵᠢ ᠪᠢᠴᠢᠭ ᠪᠠᠶᠢᠭᠤᠯᠤᠭᠰᠠᠨ ᠢᠶᠠᠷ ᠬᠠᠮᠲᠤ ᠶᠢᠨ ᠠᠵᠢᠯᠯᠠᠭᠠᠨ ᠤ ᠰᠢᠨ᠎ᠡ ᠡᠬᠢᠯᠡᠯ ᠲᠠᠯᠪᠢᠭᠳᠠᠯ᠎ᠠ ᠭᠡᠵᠦ ᠵᠠᠩ ᠮᠠᠣ ᠬᠡᠯᠡᠪᠡ᠃
ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠦᠨ ᠵᠠᠬ᠎ᠠ ᠵᠡᠭᠡᠯᠢ ᠶᠢ ᠬᠢᠨᠠᠨ ᠵᠣᠬᠢᠴᠠᠭᠤᠯᠬᠤ ᠭᠠᠵᠠᠷ ᠨᠢ ᠡᠮ᠂ ᠡᠮ ᠦᠨ ᠪᠦᠲᠦᠭᠡᠭᠳᠡᠬᠦᠨ᠂ ᠣᠶᠤᠨ ᠤ ᠥᠮᠴᠢ᠂ ᠵᠠᠬ᠎ᠠ ᠵᠡᠭᠡᠯᠢ ᠶᠢᠨ ᠭᠡᠰᠡᠨ ᠴᠢᠭᠯᠡᠯ ᠢᠶᠡᠷ ᠬᠢᠨᠠᠯᠲᠠ ᠰᠢᠯᠭᠠᠯᠲᠠ ᠶᠢ ᠴᠣᠭᠴᠠ ᠪᠠᠷ ᠨᠢ ᠬᠢᠳᠡᠭ ᠭᠡᠳᠡᠭ ᠢ ᠰᠢᠳᠠᠷ ᠰᠠᠶᠢᠳ ᠲᠤ ᠲᠠᠨᠢᠯᠴᠠᠭᠤᠯᠪᠠ᠃
ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠬᠤᠷᠠᠯᠳᠤᠭᠠᠨ ᠠᠴᠠ ᠭᠠᠷᠭᠠᠭᠰᠠᠨ ᠰᠢᠢᠳᠪᠦᠷᠢ ᠶᠢ ᠪᠡᠶᠡᠯᠡᠭᠦᠯᠬᠦ ᠳᠦ ᠬᠤᠶᠠᠷ ᠲᠠᠯ᠎ᠠ ᠶᠢᠨ ᠭᠠᠷ ᠤᠨ ᠦᠰᠦᠭ ᠵᠢᠷᠤᠭᠰᠠᠨ ᠰᠠᠨᠠᠮᠵᠢ ᠪᠢᠴᠢᠭ ᠴᠢᠬᠤᠯᠠ ᠨᠡᠮᠡᠷᠢ ᠣᠷᠣᠭᠤᠯᠤᠨ᠎ᠠ ᠭᠡᠳᠡᠭ ᠢ ᠰᠢᠳᠠᠷ ᠰᠠᠶᠢᠳ ᠥ᠊ ∙ᠡᠩᠬᠡᠲᠦ᠋ᠪᠰᠢᠨ ᠲᠡᠮᠳᠡᠭᠯᠡᠯ᠎ᠡ ᠃ ᠮᠥᠨ 2020 ᠣᠨ ᠭᠡᠬᠦ ᠳᠦ ᠬᠣᠶᠠᠷ ᠣᠷᠣᠨ ᠤ ᠬᠤᠳᠠᠯᠳᠤᠭᠠᠨ ᠤ ᠡᠷᠭᠢᠯᠲᠡ ᠶᠢ 10 ᠲᠡᠷᠪᠤᠮ ᠳ᠋ᠣᠯᠯᠠᠷ ᠲᠤ ᠬᠦᠷᠭᠡᠬᠦ ᠵᠣᠷᠢᠯᠲᠠ ᠶᠢ ᠪᠡᠶᠡᠯᠡᠭᠦᠯᠬᠦ ᠳᠦ ᠰᠢᠳᠤᠷᠭᠤ ᠦᠷᠢᠰᠦᠯᠳᠦᠭᠡᠨ ᠬᠡᠷᠡᠭᠯᠡᠭᠴᠢ ᠶᠢᠨ ᠲᠥᠯᠥᠭᠡ ᠭᠠᠵᠠᠷ ᠪᠣᠯᠤᠨ ᠵᠠᠬ᠎ᠠ ᠵᠡᠭᠡᠯᠢ ᠶᠢ ᠬᠢᠨᠠᠨ ᠵᠣᠬᠢᠴᠠᠭᠤᠯᠬᠤ ᠭᠠᠵᠠᠷ ᠤᠨ ᠣᠷᠣᠯᠴᠠᠭ᠎ᠠ ᠶᠡᠬᠡ ᠭᠡᠪᠡ ᠃