︽ᠮᠣᠩᠭᠣᠯ ᠭᠡᠷ︾ ᠪᠠᠷᠢᠮᠲᠠᠲᠤ ᠺᠢᠨᠣ᠋ ᠰᠢᠯᠢᠳᠡᠭ ᠢᠶᠡᠷ ᠰᠢᠯᠭᠠᠷᠠᠪᠠ | News.MN

︽ᠮᠣᠩᠭᠣᠯ ᠭᠡᠷ︾ ᠪᠠᠷᠢᠮᠲᠠᠲᠤ ᠺᠢᠨᠣ᠋ ᠰᠢᠯᠢᠳᠡᠭ ᠢᠶᠡᠷ ᠰᠢᠯᠭᠠᠷᠠᠪᠠ

ᠨᠠᠶᠢᠷᠠᠭᠤᠯᠤᠭᠴᠢ ᠪ∙ᠥᠨᠢᠷᠲᠣᠭᠲᠠᠬᠤ ᠶᠢᠨ ᠪᠦᠲᠦᠭᠡᠯ ︽ᠮᠣᠩᠭᠣᠯ ᠭᠡᠷ︾ ᠪᠠᠷᠢᠮᠲᠠᠲᠤ ᠺᠢᠨᠣ᠋ ᠣᠯᠠᠨ ᠤᠯᠤᠰ ᠤᠨ ︽ᠰᠢᠯᠢᠳᠡᠭ ᠪᠠᠷᠢᠮᠲᠠᠲᠤ ᠺᠢᠨᠣ᠋︾ ᠪᠠᠷ ᠰᠢᠯᠭᠠᠷᠠᠪᠠ᠃ ᠡᠯ᠎ᠡ ᠺᠢᠨᠣ᠋  ᠪᠠᠷ ᠮᠤᠩᠭᠤᠯᠴᠤᠳ ᠤᠨ ᠠᠵᠤ ᠠᠮᠢᠳᠤᠷᠠᠯ᠂ ᠨᠡᠭᠦᠳᠡᠯᠴᠢᠨ ᠰᠤᠶᠤᠯ ᠤᠨ ᠲᠤᠬᠠᠢ ᠦᠭᠦᠯᠡᠳᠡᠭ᠃ ᠵᠢᠷᠤᠭ ᠠᠪᠤᠯᠲᠠ ᠶᠢ ᠵᠢᠯ ᠦᠨ ᠳᠥᠷᠪᠡᠨ ᠤᠯᠠᠷᠢᠯ ᠳᠠᠮᠨᠠᠭᠤᠯᠤᠨ᠂ ᠬᠥᠪᠰᠥᠭᠥᠯ ᠠᠶᠢᠮᠠᠭ ᠲᠤ ᠠᠪᠤᠭᠰᠠᠨ ᠪᠠᠶᠢᠨ᠎ᠠ᠃
ᠵᠢᠯ ᠪᠦᠷᠢ ᠵᠣᠬᠢᠶᠠᠨ ᠪᠠᠶᠢᠭᠤᠯᠳᠠᠭ ᠣᠯᠠᠨ ᠤᠯᠤᠰ ᠤᠨ ︽ᠰᠢᠯᠢᠳᠡᠭ ᠪᠠᠷᠢᠮᠲᠠᠲᠤ ᠺᠢᠨᠣ᠋ ︾ ᠰᠢᠯᠭᠠᠷᠠᠭᠤᠯᠬᠤ ᠨᠠᠭᠠᠳᠤᠮ  ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠲᠤ ᠪᠣᠯᠵᠤ ᠥᠨᠳᠥᠷᠯᠡᠭᠰᠡᠨ ᠪᠥᠭᠡᠳ 130 ᠭᠠᠷᠤᠢ ᠣᠷᠣᠨ ᠤ ᠪᠦᠲᠦᠭᠡᠯ ᠥᠷᠢᠰᠦᠯᠳᠦᠵᠡᠢ᠃ ᠺᠢᠨᠣ᠋ ᠨᠠᠭᠠᠳᠤᠮ ᠤᠨ ᠰᠢᠭᠦᠭᠴᠢᠳ ᠢᠶᠡᠷ ᠠᠽᠢᠶ᠎ᠠ ᠪᠣᠯᠤᠨ ᠳᠡᠯᠡᠬᠡᠢ ᠨᠥᠯᠥᠭᠡ ᠪᠦᠬᠦᠢ ᠺᠢᠨᠣ᠋ ᠺᠣᠮᠫᠠᠨᠢ ᠶᠢᠨ ᠤᠳᠤᠷᠢᠳᠤᠯᠭ᠎ᠠ᠂ ᠮᠡᠷᠭᠡᠵᠢᠯᠲᠡᠨ ᠨᠦᠭᠦᠳ ᠣᠷᠣᠯᠴᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ