ᠳᠠᠷᠬᠠᠨ-ᠠᠭᠤᠯᠠ ᠠᠶᠢᠮᠠᠭ ᠲᠤ ᠪᠠᠷᠢᠯᠭ᠎ᠠ ᠶᠢᠨ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠵᠤ ᠪᠠᠶᠢᠭ᠎ᠠ ︽ᠮᠢᠨᠵᠢ ᠫᠷᠣᠫᠧᠷᠲ᠋ᠢ︾ ᠺᠣᠮᠫᠠᠨᠢ 12 ᠰᠠᠷ᠎ᠠ ᠶᠢᠨ ᠬᠤᠭᠤᠴᠠᠭ᠎ᠠ ᠲᠠᠢ᠂ ᠵᠢᠯ ᠦᠨ 17 ᠬᠤᠪᠢ ᠶᠢᠨ ᠬᠦᠦ ᠲᠡᠢ᠂ ᠥᠪᠡᠷ ᠦᠨ ᠬᠥᠷᠥᠩᠭᠡ ᠪᠡᠷ ᠪᠠᠲᠤᠯᠠᠭᠠᠵᠢᠭᠰᠠᠨ ᠨᠢᠭᠡ ᠲᠡᠷᠪᠤᠮ ᠲᠥᠭᠥᠷᠢᠭ ᠦᠨ ᠦᠨ᠎ᠡ ᠶᠢᠨ ᠳ᠋ᠦᠩ ᠪᠦᠬᠦᠢ ︽ᠫᠠᠷᠺ ᠲᠠᠦ᠋ᠨ︾ ᠪᠤᠨᠳ᠋ ᠤᠨ ᠠᠩᠬᠠᠳᠠᠭᠴᠢ ᠵᠠᠬ᠎ᠠ ᠵᠡᠭᠡᠯᠢ ᠶᠢᠨ ᠠᠷᠠᠯᠵᠢᠶ᠎ᠠ ᠠᠮᠵᠢᠯᠲᠠ ᠲᠠᠢ ᠶᠠᠪᠤᠭᠳᠠᠵᠤ ᠳᠠᠭᠤᠰᠤᠭᠰᠠᠨ ᠪᠠᠶᠢᠨ᠎ᠠ᠃ ᠢᠩᠭᠢᠭᠰᠡᠨ ᠢᠶᠡᠷ ᠨᠢᠭᠡ ᠪᠦᠷᠢ ᠨᠢ 10 ᠮᠢᠩᠭᠠᠨ ᠲᠥᠭᠥᠷᠢᠭ ᠦᠨ ᠨᠡᠷᠡᠯᠡᠭᠰᠡᠨ ᠦᠨ᠎ᠡ ᠪᠦᠬᠦᠢ ᠨᠡᠶᠢᠲᠡ 100 ᠮᠢᠩᠭᠠᠨ ᠰᠢᠷᠬᠡᠭ ᠦᠨᠡᠲᠦ ᠴᠠᠭᠠᠰᠤ ᠶᠢ ᠣᠯᠠᠨ ᠨᠡᠶᠢᠲᠡ ᠳᠦ ᠰᠠᠨᠠᠯ ᠪᠣᠯᠭᠠᠭᠰᠠᠨ ᠢᠶᠠᠷ ᠨᠢᠭᠡ ᠲᠡᠷᠪᠤᠮ ᠲᠥᠭᠥᠷᠢᠭ ᠦᠨ ᠬᠥᠷᠥᠩᠭᠡ ᠲᠠᠲᠠᠨ ᠲᠥᠪᠯᠡᠷᠡᠭᠦᠯᠬᠦ ᠦᠢᠯᠡ ᠠᠵᠢᠯᠯᠠᠭ᠎ᠠ ᠶᠢ ᠮᠣᠩᠭᠣᠯ ᠤᠨ ᠦᠨᠡᠲᠦ ᠴᠠᠭᠠᠰᠤᠨ ᠤ ᠪᠢᠷᠵᠢ ᠶᠢᠨ ᠠᠩᠬᠠᠳᠠᠭᠴᠢ ᠵᠠᠬ᠎ᠠ ᠵᠡᠭᠡᠯᠢ ᠶᠢᠨ ᠠᠷᠠᠯᠵᠢᠶᠠᠨ ᠤ MSX Trading ᠫᠯᠠᠲ᠋ᠹᠣᠷᠮ ᠳᠡᠭᠡᠷ᠎ᠡ ᠵᠣᠬᠢᠶᠠᠨ ᠪᠠᠶᠢᠭᠤᠯᠵᠠᠢ᠃ ᠤᠭ ᠪᠦᠲᠦᠭᠡᠭᠳᠡᠬᠦᠨ ᠦ ᠬᠣᠶᠠᠳᠠᠭᠴᠢ ᠵᠠᠬ᠎ᠠ ᠵᠡᠭᠡᠯᠢ ᠶᠢᠨ ᠠᠷᠠᠯᠵᠢᠶ᠎ᠠ ᠤᠳᠠᠬᠤ ᠦᠭᠡᠢ ᠡᠬᠢᠯᠡᠨ᠎ᠡ ᠭᠡᠵᠦ ᠮᠣᠩᠭᠣᠯ ᠤᠨ ᠦᠨᠡᠲᠦ ᠴᠠᠭᠠᠰᠤᠨ ᠤ ᠪᠢᠷᠵᠢ ᠡᠴᠡ ᠮᠡᠳᠡᠭᠡᠯᠡᠯ᠎ᠡ᠃ ᠪᠤᠨᠳ᠋ ᠤᠨ ᠵᠠᠭᠤᠴᠢᠯᠠᠭᠴᠢ ᠦᠨᠡᠲᠦ ᠴᠠᠭᠠᠰᠤᠨ ᠤ ᠺᠣᠮᠫᠠᠨᠢ ᠪᠠᠷ ︽ᠳᠡᠯᠭᠡᠷᠬᠠᠩᠭᠠᠢ ᠰᠧᠺᠦᠶᠤᠶᠢᠷᠢᠲ᠋ᠢᠰ︾ ᠦᠨᠡᠲᠦ ᠴᠠᠭᠠᠰᠤᠨ ᠤ ᠺᠣᠮᠫᠠᠨᠢ ᠠᠵᠢᠯᠯᠠᠭᠰᠠᠨ ᠪᠠᠶᠢᠨ᠎ᠠ᠃