ᠠᠮᠧᠷᠢᠺᠠ ᠶᠢᠨ ᠲᠤᠰᠬᠠᠢ ᠡᠯᠴᠢ ᠲᠠᠢ ᠠᠭᠤᠯᠵᠠᠪᠠ | News.MN

ᠠᠮᠧᠷᠢᠺᠠ ᠶᠢᠨ ᠲᠤᠰᠬᠠᠢ ᠡᠯᠴᠢ ᠲᠠᠢ ᠠᠭᠤᠯᠵᠠᠪᠠ

ᠭᠠᠳᠠᠭᠠᠳᠤ ᠬᠠᠷᠢᠯᠴᠠᠭᠠᠨ ‍ᠣ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠳ∙ᠳᠠᠸᠠᠰᠦ᠋ᠷᠦᠩ ᠠᠮᠧᠷᠢᠺᠠ ᠶᠢᠨ ᠲᠥᠷᠥ ᠶᠢᠨ ᠳ᠋ᠸᠫᠸᠷᠲ᠋ᠠᠮᠸᠨᠲ ᠤᠨ ᠤᠮᠠᠷᠠᠳᠤ ᠰᠣᠯᠣᠩᠭᠣᠰ ᠤᠨ ᠠᠰᠠᠭᠤᠳᠠᠯ ᠬᠠᠷᠢᠭᠤᠴᠠᠭᠰᠠᠨ ᠲᠤᠰᠬᠠᠢ ᠡᠯᠴᠢ ᠮᠠᠷᠺ ᠯᠠᠮᠪᠧᠷᠲ ᠢ 2018 ᠣᠨ ᠤ 12 ᠳ᠋ᠤᠭᠠᠷ ᠰᠠᠷ᠎ᠠ ᠶᠢᠨ 13 ᠳᠦ ᠬᠦᠯᠢᠶᠡᠨ ᠠᠪᠴᠤ ᠠᠭᠤᠯᠵᠠᠪᠠ᠃ ᠬᠤᠶᠠᠷ ᠲᠠᠯ᠎ᠠ ᠮᠣᠩᠭᠣᠯ ᠠᠮᠧᠷᠢᠺᠠ ᠶᠢᠨ ᠬᠠᠷᠢᠯᠴᠠᠭ᠎ᠠ᠂ ᠲᠡᠭᠦᠨ ᠦ ᠳᠣᠲᠣᠷ᠎ᠠ ᠪᠥᠰᠡ ᠨᠤᠲᠤᠭ ᠤᠨ ᠬᠠᠮᠲᠤ ᠶᠢᠨ ᠠᠵᠢᠯᠯᠠᠭᠠᠨ ᠤ ᠠᠰᠠᠭᠤᠳᠠᠯ ᠢᠶᠠᠷ ᠰᠠᠨᠠᠯ ᠰᠤᠯᠢᠯᠴᠠᠪᠠ᠃ ᠮᠣᠩᠭᠣᠯ ᠤᠯᠤᠰ ᠨᠢ ᠵᠡᠭᠦᠨ ᠬᠣᠶᠢᠳ ᠠᠽᠢᠶ᠎ᠠ ᠶᠢᠨ ᠠᠶᠤᠯᠭᠦᠢ ᠲᠣᠭᠲᠠᠪᠤᠷᠢᠲᠠᠢ ᠪᠠᠶᠢᠳᠠᠯ᠂ ᠢᠯᠠᠩᠭᠤᠶ᠎ᠠ ᠰᠣᠯᠣᠩᠭᠣᠰ ᠤᠨ ᠬᠣᠶᠢᠭ ᠤᠨ ᠠᠰᠠᠭᠤᠳᠠᠯ ᠢ ᠤᠯᠤᠰ ᠲᠥᠷᠥ ᠳ᠋ᠢᠫᠯᠣᠮᠠᠲ᠂ ᠬᠠᠷᠢᠯᠴᠠᠨ ᠣᠶᠢᠯᠠᠭᠠᠯᠴᠠᠯ᠂ ᠡᠩᠬᠡ ᠲᠠᠶᠢᠪᠤᠩ ᠤᠨ ᠵᠠᠮ ᠢᠶᠠᠷ ᠰᠢᠢᠳᠪᠦᠷᠢᠯᠡᠬᠦ ᠶᠢᠨ ᠲᠥᠯᠥᠭᠡ ᠲᠤᠤᠱᠲᠠᠢ ᠪᠠᠶᠢᠭ᠎ᠠ ᠪᠠᠨ ᠢᠯᠡᠷᠬᠡᠶᠢᠯᠡᠵᠦ᠂ ᠵᠡᠭᠦᠨ ᠬᠤᠶᠢᠳᠤ ᠠᠽᠢᠶ᠎ᠠ ᠶᠢᠨ ᠠᠶᠤᠯᠭᠦᠢ ᠪᠠᠶᠢᠳᠠᠯ ᠤᠨ ᠠᠰᠠᠭᠤᠳᠠᠯ ᠢᠶᠠᠷ ᠬᠢ ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ ᠰᠠᠨᠠᠭᠠᠴᠢᠯᠠᠭ᠎ᠠ ᠶᠢ ᠵᠢᠯ ᠪᠦᠷᠢ ᠵᠣᠬᠢᠶᠠᠨ ᠪᠠᠶᠢᠭᠤᠯᠵᠤ ᠢᠷᠡᠭᠰᠡᠨ ᠢᠶᠡᠨ ᠣᠨᠴᠠᠯᠠᠪᠠ᠃
ᠠᠮᠧᠷᠢᠺᠠ ᠶᠢᠨ ᠲᠠᠯ᠎ᠠ ᠵᠡᠭᠦᠨ ᠬᠤᠶᠢᠳᠤ ᠠᠽᠢᠶ᠎ᠠ ᠶᠢᠨ ᠪᠥᠰᠡ ᠨᠤᠲᠤᠭ ᠤᠨ ᠠᠶᠤᠯᠭᠦᠢ ᠪᠠᠶᠢᠳᠠᠯ᠂ ᠢᠲᠡᠭᠡᠯᠴᠡᠯ ᠢ ᠪᠡᠬᠢᠵᠢᠭᠦᠯᠬᠦ ᠳᠦ ᠮᠣᠩᠭᠣᠯ ᠤᠯᠤᠰ ᠤᠨ ᠣᠷᠣᠭᠤᠯᠵᠤ ᠢᠷᠡᠭᠰᠡᠨ ᠬᠤᠪᠢ ᠨᠡᠮᠡᠷᠢ ᠶᠢ ᠥᠨᠳᠥᠷ ᠢᠶᠡᠷ ᠦᠨᠡᠯᠡᠵᠦ᠂ ᠣᠯᠠᠨ ᠤᠯᠤᠰ ᠤᠨ ᠬᠠᠮᠲᠤ ᠶᠢᠨ ᠨᠡᠶᠢᠭᠡᠮᠯᠢᠭ ᠦᠨ ᠬᠠᠮᠲᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠠᠶᠤᠯ ᠦᠭᠡᠢ ᠶᠢᠨ ᠵᠥᠪᠯᠡᠯ ᠦᠨ ᠬᠣᠯᠪᠣᠭᠳᠠᠬᠤ ᠲᠣᠭᠲᠠᠭᠠᠯ ᠰᠢᠢᠳᠪᠦᠷᠢ ᠨᠦᠭᠦᠳ ᠢ ᠦᠷ᠎ᠡ ᠳ᠋ᠦᠩ ᠲᠡᠢ ᠪᠡᠶᠡᠯᠡᠭᠦᠯᠵᠦ ᠢᠷᠡᠭᠰᠡᠨ ᠳᠦ ᠲᠠᠯᠠᠷᠬᠠᠯ ᠢᠯᠡᠷᠬᠡᠶᠢᠯᠡᠪᠡ᠃
ᠡᠬᠢ ᠰᠤᠷᠪᠤᠯᠵᠢ᠄ ᠭᠠᠳᠠᠭᠠᠳᠤ ᠬᠠᠷᠢᠯᠴᠠᠭᠠᠨ ᠤ ᠶᠠᠮᠤᠨ

ᠰᠡᠳᠬᠢᠭᠳᠡᠯ ᠦᠯᠡᠳᠡᠭᠡᠬᠦ