ᠮᠣᠩᠭᠣᠯ ᠤᠨ ᠮᠢᠩᠭᠠᠨ ᠤ ᠰᠣᠷᠢᠯᠲᠠ ᠶᠢᠨ ᠰᠠᠩ ᠦᠨ ᠤᠳᠤᠷᠢᠳᠬᠤ ᠵᠥᠪᠯᠡᠯ ᠦᠨ ᠠᠩᠬᠠᠳᠤᠭᠠᠷ ᠬᠤᠷᠠᠯᠳᠤᠭᠠᠨ 2018 ᠣᠨ ᠤ 12 ᠳ᠋ᠤᠭᠠᠷ ᠰᠠᠷ᠎ᠠ ᠶᠢᠨ 13 ᠍ ᠳᠦ ᠭᠠᠳᠠᠭᠠᠳᠤ ᠬᠠᠷᠢᠯᠴᠠᠭᠠᠨ ᠤ ᠶᠠᠮᠤᠨ ᠳᠤ ᠪᠣᠯᠤᠯ᠎ᠠ᠃ ᠬᠤᠷᠠᠯᠳᠤᠭᠠᠨ ᠢᠶᠠᠷ ᠮᠣᠩᠭᠣᠯ ᠤᠨ ᠮᠢᠩᠭᠠᠨ ᠤ ᠰᠣᠷᠢᠯᠲᠠ ᠶᠢᠨ ᠰᠠᠩ ᠤᠨ ᠳᠦᠷᠢᠮ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠬᠡᠯᠡᠯᠴᠡᠨ ᠪᠠᠲᠤᠯᠠᠵᠤ ᠲᠣᠭᠲᠠᠭᠠᠯ ᠭᠠᠷᠭᠠᠬᠤ ᠪᠠᠷ ᠰᠢᠢᠳᠪᠦᠷᠢᠯᠡᠪᠡ᠃ 2018 ᠣᠨ ᠤ7 ᠳ᠋ᠤᠭᠠᠷ ᠰᠠᠷ᠎ᠠ ᠶᠢᠨ 27 ᠤ ᠡᠳᠦᠷ ᠪᠠᠶᠢᠭᠤᠯᠤᠭᠰᠠᠨ ᠮᠢᠩᠭᠠᠨ ᠤ ᠰᠣᠷᠢᠯᠲᠠ ᠶᠢᠨ ᠺᠣᠮᠫᠠᠺᠲ ᠭᠡᠷ᠎ᠡ ᠶᠢᠨ ᠳᠠᠭᠠᠤ ᠤᠯᠠᠭᠠᠨᠪᠠᠭᠠᠲᠤᠷ ᠬᠣᠲᠠ ᠶᠢᠨ ᠤᠰᠤ ᠬᠠᠩᠭᠠᠮᠵᠢ ᠶᠢ ᠨᠡᠮᠡᠭᠳᠡᠭᠦᠯᠬᠦ ᠳᠦ ᠠᠮᠧᠷᠢᠺᠠ ᠮᠣᠩᠭᠣᠯ ᠤᠯᠤᠰ ᠲᠤ 350 ᠰᠠᠶ᠎ᠠ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠦᠵᠡᠭᠦᠯᠬᠦ ᠪᠡᠷ ᠪᠣᠯᠤᠭᠰᠠᠨ ᠪᠢᠯᠡ᠃
ᠺᠣᠮᠫᠠᠺᠲ ᠭᠡᠷ᠎ᠡ ᠶᠢᠨ ᠳᠠᠭᠠᠤ ᠵᠠᠰᠠᠭ ᠤᠨ ᠭᠠᠵᠠᠷ ᠤᠨ ᠡᠷᠬᠡ ᠡᠭᠦᠷᠭᠡ ᠶᠢ ᠬᠡᠷᠡᠭᠵᠢᠭᠦᠯᠬᠦ ︽ᠮᠣᠩᠭᠣᠯ ᠤᠨ ᠮᠢᠩᠭᠠᠨ ᠤ ᠰᠣᠷᠢᠯᠲᠠ ᠶᠢᠨ ᠰᠠᠩ︾ ᠲᠥᠷᠥ ᠶᠢᠨ ᠥᠮᠴᠢᠲᠤ ᠬᠠᠤᠯᠢ ᠶᠢᠨ ᠡᠲᠡᠭᠡᠳ ᠢ ᠵᠠᠰᠠᠭ ᠤᠨ ᠭᠠᠵᠠᠷ 2018 ᠣᠨ ᠤ 297 ᠳ᠋ᠤᠭᠠᠷ ᠲᠣᠭᠲᠠᠭᠠᠯ ᠢᠶᠠᠷ ᠪᠠᠶᠢᠭᠤᠯᠵᠤ᠂ ᠤᠳᠤᠷᠢᠳᠬᠤ ᠵᠥᠪᠯᠡᠯ ᠦᠨ ᠪᠦᠷᠢᠯᠳᠦᠬᠦᠨ ᠢ ᠪᠠᠲᠤᠯᠠᠭᠰᠠᠨ ᠶᠤᠮ᠃