ᠥᠰᠪᠦᠷᠢ ᠦᠶ᠎ᠡ ᠶᠢᠨ ᠲᠠᠮᠢᠷᠴᠢᠳ ᠡᠨᠡ ᠰᠠᠷ᠎ᠠ ᠶᠢᠨ 11-12 ᠳᠦ ᠰᠠᠬᠠ ᠳᠤ ᠪᠣᠯᠤᠭᠰᠠᠨ ᠵᠥᠪᠯᠡᠯᠲᠦ ᠬᠣᠯᠪᠣᠭᠠᠲᠤ ᠤᠯᠤᠰ ᠤᠨ ᠰᠫᠣᠷᠲ ᠤᠨ ᠮᠠᠰᠲ᠋ᠸᠷ ᠪᠣᠷᠢᠰ ᠪᠣᠷᠢᠰᠣᠪ ᠤᠨ ᠳᠤᠷᠠᠰᠬᠠᠯ ᠳᠤ ᠵᠣᠷᠢᠭᠤᠯᠤᠭᠰᠠᠨ ᠴᠢᠯᠦᠭᠡᠲᠦ ᠪᠥᠬᠡ ᠶᠢᠨ ᠥᠰᠪᠦᠷᠢ ᠦᠶ᠎ᠡ ᠶᠢᠨ ᠣᠯᠠᠨ ᠤᠯᠤᠰ ᠤᠨ ᠲᠡᠮᠡᠴᠡᠭᠡᠨ ᠳᠦ ᠣᠷᠣᠯᠴᠠᠵᠤ᠂ ᠬᠣᠶᠠᠷ ᠠᠯᠲᠠ᠂ ᠨᠢᠭᠡ ᠮᠥᠩᠭᠥ᠂ ᠬᠣᠶᠠᠷ ᠬᠦᠷᠡᠯ ᠮᠧᠳᠠᠯ ᠬᠦᠷᠲᠡᠯ᠎ᠡ᠃ ᠲᠣᠳᠣᠷᠠᠭᠤᠯᠪᠠᠯ᠂ 2002-2003 ᠣᠨ ᠤ 48 ᠺᠢᠯᠦᠭᠷᠡᠮ ᠳᠦ ᠨ∙ᠸᠴᠢᠷᠡᠷᠳᠡᠨᠢ ᠂ 92 ᠺᠢᠯᠦᠭᠷᠡᠮ ᠳᠦ ᠡ᠊∙ᠤᠤᠭᠠᠨᠭᠡᠷᠡᠯ ᠠᠯᠲᠠ᠂ 110 ᠺᠢᠯᠦᠭᠷᠡᠮ ᠳᠦ ᠲ∙ᠢᠲᠡᠭᠡᠯᠲᠦ ᠮᠥᠩᠭᠥ᠂ 55 ᠺᠢᠯᠦᠭᠷᠡᠮ ᠳᠦ ᠭ∙ᠡᠩᠬᠡᠨᠢᠮᠠ᠂ 80 ᠺᠢᠯᠦᠭᠷᠡᠮ ᠳᠦ ᠪ∙ᠭᠠᠩᠵᠢᠭᠦᠷ ᠨᠠᠷ ᠬᠦᠷᠡᠯ ᠮᠧᠳᠠᠯ ᠤᠨ ᠡᠵᠡᠨ ᠪᠣᠯᠵᠠᠢ᠃ ᠳᠠᠰᠢᠷᠠᠮ ᠳᠤ ᠳᠤᠷᠠᠳᠬᠤ ᠳᠤ᠂ ᠳᠠᠷᠬᠠᠨ-ᠠᠭᠤᠯᠠ ᠠᠶᠢᠮᠠᠭ ᠤᠨ ᠳᠠᠰᠬᠠᠯᠵᠢᠭᠤᠯᠤᠭᠴᠢ᠂ ᠰᠫᠣᠷᠲ ᠤᠨ ᠮᠠᠰᠲ᠋ᠸᠷ ᠶᠣ᠊∙ᠪᠠᠲᠤᠳᠠᠷᠬᠠᠨ ᠤ ᠤᠳᠤᠷᠢᠳᠤᠯᠭ᠎ᠠ ᠳᠣᠣᠷ᠎ᠠ ᠴᠢᠯᠦᠭᠡᠲᠦ ᠪᠥᠬᠡ ᠶᠢᠨ ᠥᠰᠪᠦᠷᠢ ᠦᠶ᠎ᠡ ᠶᠢᠨ 13 ᠲᠠᠮᠢᠷᠴᠢᠨ ᠣᠷᠣᠰ ᠬᠣᠯᠪᠣᠭᠠᠨ ᠤ ᠤᠯᠤᠰ ᠤᠨ ᠶᠠᠺᠤᠲ ᠲᠤ ᠬᠠᠮᠲᠤᠷᠠᠭᠰᠠᠨ ᠪᠡᠯᠡᠳᠬᠡᠯ ᠬᠢᠵᠦ ᠪᠠᠶᠢᠭ᠎ᠠ ᠶᠤᠮ᠃