ᠨ∙ᠨᠠᠷᠠᠨᠪᠠᠭᠠᠲᠤᠷ ᠰᠤᠶᠤᠯ ᠤᠨ ᠡᠯᠴᠢ ᠪᠡᠷ ᠲᠣᠮᠢᠯᠠᠭᠳᠠᠯ᠎ᠠ | News.MN

ᠨ∙ᠨᠠᠷᠠᠨᠪᠠᠭᠠᠲᠤᠷ ᠰᠤᠶᠤᠯ ᠤᠨ ᠡᠯᠴᠢ ᠪᠡᠷ ᠲᠣᠮᠢᠯᠠᠭᠳᠠᠯ᠎ᠠ

ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠮᠣᠩᠭᠣᠯ ᠤᠯᠤᠰ ᠤᠨ ᠲᠥᠷᠥ ᠶᠢᠨ  ᠰᠤᠶᠤᠷᠬᠠᠯᠲᠤ ᠨ∙ᠨᠠᠷᠠᠨᠪᠠᠭᠠᠲᠤᠷ ᠲᠤ ᠮᠣᠩᠭᠣᠯ ᠤᠯᠤᠰ ᠤᠨ ᠰᠤᠶᠤᠯ ᠤᠨ ᠡᠯᠴᠢ ᠶᠢᠨ ᠭᠡᠷᠡᠴᠢᠯᠡᠭᠡ ᠭᠠᠷᠳᠠᠭᠤᠯᠤᠯ᠎ᠠ᠃ ᠤᠷᠠᠨ ᠪᠦᠲᠦᠭᠡᠯᠴᠢᠳ᠂ ᠰᠫᠣᠷᠲ ᠤᠨ ᠠᠯᠳᠠᠷᠲᠠᠨ ᠨᠤᠭᠤᠳ ᠢᠶᠠᠷ ᠢᠶᠠᠨ ᠳᠠᠮᠵᠢᠭᠤᠯᠤᠨ ᠡᠬᠡ ᠣᠷᠣᠨ ᠢᠶᠠᠨ ᠳᠡᠯᠡᠬᠡᠢ ᠨᠡᠶᠢᠲᠡ ᠳᠦ ᠰᠤᠷᠲᠠᠯᠴᠢᠯᠠᠬᠤ ᠨᠢ ᠮᠠᠰᠢ ᠴᠢᠬᠤᠯᠠ᠂ ᠦᠷ᠎ᠡ ᠳ᠋ᠦᠩ ᠲᠡᠢ ᠬᠡᠯᠪᠡᠷᠢ ᠬᠡᠮᠡᠨ ᠦᠵᠡᠳᠡᠭ ᠢᠶᠡᠨ ᠭᠠᠳᠠᠭᠠᠳᠤ ᠬᠠᠷᠢᠯᠴᠠᠭᠠᠨ ᠤ ᠰᠠᠶᠢᠳ ᠣᠨᠴᠠᠯᠠᠯ᠎ᠠ᠃

ᠨ∙ᠨᠠᠷᠠᠨᠪᠠᠭᠠᠲᠤᠷ ᠲᠤ ᠰᠤᠶᠤᠯ ᠤᠨ ᠡᠯᠴᠢ ᠶᠢᠨ ᠭᠡᠷᠡᠴᠢᠯᠡᠭᠡ ᠶᠢ ᠭᠠᠷᠳᠠᠭᠤᠯᠵᠤ ᠪᠠᠶᠢᠭ᠎ᠠ ᠨᠢ ᠮᠣᠩᠭᠣᠯ ᠲᠥᠷᠥ ᠶᠢᠨ ᠵᠠᠬᠢᠶᠠᠰᠤ ᠶᠤᠮ ᠭᠡᠳᠡᠭ ᠢ ᠲᠡᠮᠳᠡᠭᠯᠡᠭᠡᠳ ᠴᠠᠭᠠᠰᠢᠳᠠ ᠳᠡᠮᠵᠢᠵᠦ ᠠᠵᠢᠯᠯᠠᠬᠤ ᠪᠠᠨ ᠢᠯᠡᠷᠬᠡᠶᠢᠯᠡᠪᠡ᠃ ᠨ∙ᠨᠠᠷᠠᠨᠪᠠᠭᠠᠲᠤᠷ ᠨᠡᠷ᠎ᠡ ᠬᠦᠨᠳᠦᠲᠡᠢ ᠡᠭᠦᠷᠭᠡ ᠬᠦᠯᠢᠶᠡᠭᠰᠡᠨ ᠳᠦ ᠪᠠᠨ ᠪᠠᠶᠠᠷᠲᠠᠢ ᠪᠠᠶᠢᠭ᠎ᠠ ᠪᠠᠨ ᠢᠯᠡᠷᠬᠡᠶᠢᠯᠡᠭᠡᠳ ᠮᠣᠩᠭᠣᠯ ᠤᠯᠤᠰ ᠤᠨ ᠢᠶᠠᠨ ᠤᠷᠠᠯᠢᠭ ᠰᠤᠶᠤᠯ᠂ ᠲᠡᠦᠬᠡ ᠶᠢ ᠰᠤᠷᠲᠠᠯᠴᠢᠯᠠᠬᠤ ᠳᠤ ᠠᠩᠬᠠᠷᠴᠤ ᠠᠵᠢᠯᠯᠠᠬᠤ ᠪᠣᠯᠤᠨ᠎ᠠ ᠭᠡᠪᠡ᠃

ᠰᠡᠳᠬᠢᠭᠳᠡᠯ ᠦᠯᠡᠳᠡᠭᠡᠬᠦ