ᠬᠤᠶᠠᠷ ᠠᠶᠢᠮᠠᠭ ᠤᠨ ᠰᠤᠶᠤᠯ ᠤᠨ ᠠᠵᠢᠯᠲᠠᠳ ᠵᠦᠪᠯᠡᠯᠳᠦᠪᠡ | News.MN

ᠬᠤᠶᠠᠷ ᠠᠶᠢᠮᠠᠭ ᠤᠨ ᠰᠤᠶᠤᠯ ᠤᠨ ᠠᠵᠢᠯᠲᠠᠳ ᠵᠦᠪᠯᠡᠯᠳᠦᠪᠡ

ᠥᠪᠦᠷᠬᠠᠩᠭᠠᠢ᠂ ᠪᠠᠶᠠᠨᠬᠣᠩᠭᠣᠷ ᠠᠶᠢᠮᠠᠭ ᠤᠨ ᠰᠤᠶᠤᠯ ᠤᠨ ᠥᠪ ᠦᠨ ᠠᠵᠢᠯᠲᠠᠨ ᠨᠤᠭᠤᠳ  ︽ᠰᠤᠶᠤᠯ ᠤᠨ ᠥᠪ ᠦᠨ ᠬᠠᠳᠠᠭᠠᠯᠠᠯᠲᠠ ᠬᠠᠮᠠᠭᠠᠯᠠᠯᠲᠠ ᠳᠤ ᠣᠷᠣᠨ ᠨᠤᠲᠤᠭ ᠤᠨ ᠣᠷᠣᠯᠴᠠᠭ᠎ᠠ︾ ᠡᠷᠳᠡᠮ ᠰᠢᠨᠵᠢᠯᠡᠭᠡᠨ ᠦ ᠪᠠᠭ᠎ᠠ ᠬᠤᠷᠠᠯ ᠢ ᠬᠠᠷᠠᠬᠣᠷᠣᠮ ᠰᠤᠮᠤᠨ ᠳᠤ ᠵᠣᠬᠢᠶᠠᠨ ᠪᠠᠶᠢᠭᠤᠯᠤᠯ᠎ᠠ᠃ ᠤᠭ ᠬᠤᠷᠠᠯ ᠢᠶᠠᠷ ᠨᠡᠶᠢᠲᠡ 15 ᠢᠯᠡᠳᠬᠡᠯ ᠲᠠᠨᠢᠯᠴᠠᠭᠤᠯᠵᠤ᠂ ᠬᠡᠯᠡᠯᠴᠡᠭᠦᠯᠭᠡ ᠬᠢᠯ᠎ᠡ᠃ ᠰᠤᠶᠤᠯ ᠤᠨ ᠥᠪ ᠢ ᠬᠠᠮᠠᠭᠠᠯᠠᠬᠤ ᠠᠰᠠᠭᠤᠳᠠᠯ ᠨᠢ ᠴᠣᠭᠴᠠ᠂ ᠲᠤᠭᠲᠠᠯᠴᠠᠭᠠᠲᠤ ᠦᠢᠯᠡ ᠠᠵᠢᠯᠯᠠᠭ᠎ᠠ᠂ ᠠᠷᠭᠠᠴᠢᠯᠠᠯ ᠤᠨ ᠨᠢᠭᠡᠳᠦᠯ ᠪᠥᠭᠡᠳ ᠲᠡᠭᠦᠨ ᠢ ᠬᠠᠮᠠᠭᠠᠯᠠᠬᠤ ᠪᠣᠳᠣᠯᠭ᠎ᠠ ᠠᠴᠠ ᠭᠠᠳᠠᠨ᠎ᠠ ᠰᠤᠶᠤᠯ ᠤᠨ ᠥᠪ ᠦᠨ ᠦᠨ᠎ᠡ ᠴᠡᠨ᠎ᠡ ᠶᠢ ᠨᠡᠮᠡᠭᠳᠡᠭᠦᠯᠬᠦ᠂ ᠲᠡᠭᠦᠨ ᠢ ᠲᠡᠦᠬᠡ᠂ ᠤᠭᠰᠠᠭᠠᠲᠠᠨ ᠤ ᠵᠦᠢ᠂ ᠰᠤᠶᠤᠯ᠂ ᠰᠤᠳᠤᠯᠤᠯ᠂ ᠨᠠᠮᠲᠠᠷ ᠵᠡᠷᠭᠡ ᠣᠯᠠᠨ ᠲᠠᠯ᠎ᠠ ᠠᠴᠠ ᠨᠢ ᠠᠪᠴᠤ ᠰᠤᠳᠤᠯᠬᠤ ᠨᠢ ᠴᠢᠬᠤᠯᠠ ᠪᠣᠯᠬᠤ ᠶᠢ ᠬᠤᠷᠠᠯ ᠳᠤ ᠣᠷᠣᠯᠴᠠᠭᠴᠢᠳ ᠬᠡᠯᠡᠵᠦ ᠪᠠᠶᠢᠪᠠ᠃
ᠡᠷᠳᠡᠮ ᠰᠢᠨᠵᠢᠯᠡᠭᠡᠨ ᠦ ᠪᠠᠭ᠎ᠠ ᠬᠤᠷᠠᠯ ᠳᠤ ᠬᠣᠶᠠᠷ ᠠᠶᠢᠮᠠᠭ ᠤᠨ ᠬᠢ ᠠᠴᠠ ᠭᠠᠳᠠᠨ᠎ᠠ ᠣᠷᠣᠨ ᠨᠤᠲᠤᠭ ᠰᠤᠳᠤᠯᠬᠤ ᠮᠦᠽᠧᠢ᠂ ᠡᠷᠳᠡᠨᠢ-ᠵᠤᠤ᠂ ᠬᠠᠷᠠᠬᠣᠷᠣᠮ ᠮᠦᠽᠧᠢ᠂ ᠳᠡᠯᠡᠬᠡᠢ ᠶᠢᠨ ᠥᠪ-ᠣᠷᠬᠣᠨ ᠤ ᠬᠥᠨᠳᠡᠢ ᠶᠢᠨ ᠰᠤᠶᠤᠯ ᠤᠨ ᠳᠤᠷᠠᠰᠬᠠᠯᠲᠤ ᠭᠠᠵᠠᠷ ᠤᠨ ᠵᠠᠬᠢᠷᠭᠠᠨ ᠤ ᠮᠦᠽᠧᠢ ᠶᠢᠨ ᠰᠤᠶᠤᠯ ᠤᠨ ᠠᠵᠢᠯᠲᠠᠨ ᠨᠠᠷ ᠣᠷᠣᠯᠴᠠᠭᠰᠠᠨ ᠶᠤᠮ᠃

ᠰᠡᠳᠬᠢᠭᠳᠡᠯ ᠦᠯᠡᠳᠡᠭᠡᠬᠦ